2 ᠳ᠋ᠤᠭᠠᠷ ᠰᠠᠷ᠎ᠠ ᠶᠢᠨ 23 ᠤ ᠡᠳᠦᠷ᠂ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠪᠣᠯᠬᠤ | ︽ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ | ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ | ᠨᠡᠶᠢᠲᠡᠯᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ 2 ᠳ᠋ᠤᠭᠠᠷ ᠰᠠᠷ᠎ᠠ ᠶᠢᠨ | 24 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠲᠥᠪ ᠤᠨ ᠡᠳ᠋ ᠤᠨ ᠵᠠᠰᠠᠭ ᠤᠨ | ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠤᠪᠢᠳᠠᠨ ᠬᠠᠮᠢᠶᠠᠷᠬᠤ ᠳᠡᠳ᠋ ᠡᠷᠬᠢᠯᠡᠭᠴᠢ᠂ | ᠲᠥᠪ ᠤᠨ ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ ᠬᠠᠨ | ᠸᠧᠨ ᠰᠢᠤ᠂ ᠲᠥᠪ ᠤᠨ ᠡᠳ᠋ ᠤᠨ ᠵᠠᠰᠠᠭ ᠤᠨ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ᠂ ᠲᠥᠪ ᠤᠨ | ᠬᠥᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠬᠢᠯᠡᠭᠴᠢ ᠵᠦ ᠸᠧᠢ | ᠳ᠋ᠦᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠨ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠯᠠᠪᠳᠠᠭᠤᠨ ᠪᠠᠲᠤᠲᠠᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ | ᠠᠩᠬᠠᠷᠤᠭᠤᠰᠢᠲᠠᠢ ᠴᠢᠬᠤᠯᠠ ᠵᠦᠢᠯ ᠤᠳ — | ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ | ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠬᠠᠮᠤᠭ ᠰᠡᠭᠦᠯᠴᠢ ᠶᠢᠨ ᠨᠢᠭᠡ ᠵᠢᠯ ᠪᠣᠯᠣᠨ᠎ᠠ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ | ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠰᠤᠳᠤᠯᠤᠨ ᠲᠣᠭᠲᠠᠭᠠᠬᠤ ᠠᠵᠢᠯ ᠢ | ᠪᠠᠶᠢᠷᠢᠯᠠᠭᠤᠯᠪᠠ᠃ ᠬᠡᠪᠴᠢᠶᠡᠵᠢᠯ ᠤᠨ ᠴᠢᠨᠠᠷᠲᠠᠢ ᠪᠠᠷ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠭᠡᠢ ᠪᠠᠶᠢᠯᠭᠠᠬᠤ | ᠬᠤᠷᠢᠭ᠎ᠠ ᠱᠤᠭᠤᠮ ᠢ ᠪᠠᠲᠤ ᠰᠠᠬᠢᠬᠤ ᠨᠢ ᠵᠥᠪᠬᠡᠨ ᠡᠨᠡ ᠵᠢᠯ ᠤᠨ ᠣᠨ ᠤ ᠴᠢᠨᠠᠷᠲᠠᠢ ᠡᠭᠦᠷᠭᠡ ᠲᠡᠳᠦᠢ ᠪᠢᠰᠢ᠂ | ᠰᠢᠯᠵᠢᠯᠲᠡ ᠶᠢᠨ ᠬᠤᠭᠤᠴᠠᠭ᠎ᠠ ᠥᠩᠭᠡᠷᠡᠭᠰᠡᠨ ᠤ ᠳᠠᠷᠠᠭ᠎ᠠ ᠴᠤ ᠡᠷᠬᠡᠪᠰᠢ ᠤᠷᠳᠤ ᠬᠤᠭᠤᠴᠠᠭ᠎ᠠ ᠪᠠᠷ᠂ ᠥᠨᠢ | ᠡᠭᠦᠷᠢᠳᠡ ᠪᠠᠲᠤ ᠰᠠᠬᠢᠬᠤ ᠬᠡᠷᠡᠭᠲᠡᠢ᠃ ᠰᠢᠯᠵᠢᠯᠲᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠠᠪᠰᠤᠷᠤᠨ | ᠲᠡᠳᠬᠦᠬᠦ ᠲᠥᠷᠥ ᠶᠢᠨ ᠪᠣᠳᠣᠯᠭ᠎ᠠ ᠶᠢ ᠣᠭᠵᠣᠮ ᠵᠣᠭᠰᠤᠭᠠᠬᠤ ᠦᠭᠡᠢ ᠮᠥᠷᠲᠡᠭᠡᠨ ᠲᠥᠷᠥᠯ ᠬᠤᠪᠢᠶᠠᠨ | ᠲᠡᠭᠦᠯᠳᠡᠷᠵᠢᠭᠦᠯᠵᠦ᠂ ᠪᠠᠶᠢᠩᠭᠤᠰᠢᠭᠰᠠᠨ ᠬᠠᠪᠰᠤᠷᠤᠨ ᠲᠡᠳᠬᠦᠬᠦ ᠳᠦᠷᠢᠮ ᠲᠣᠭᠲᠠᠴᠠ ᠶᠢ ᠪᠠᠶᠢᠭᠤᠯᠵᠤ | ᠪᠦᠷᠢᠨᠰᠢᠭᠦᠯᠦᠨ᠎ᠡ᠃ | ᠪᠡᠯᠡ ᠮᠥᠩᠭᠦᠨ ᠤ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ ᠭᠤᠣᠯ | ᠤᠨᠠᠯᠲᠠ ᠶᠢᠨ ᠣᠷᠣᠨ ᠪᠠ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ | ᠴᠢᠩᠭᠠᠷᠠᠭᠤᠯᠤᠨ᠎ᠠ | ᠦᠨ᠎ᠡ ᠬᠠᠩᠰᠢ ᠶᠢᠨ ᠲᠠᠯ᠎ᠠ ᠪᠠᠷ᠂ ᠲᠤᠲᠤᠷᠭ᠎ᠠ᠂ ᠪᠤᠭᠤᠳᠠᠢ ᠬᠤᠳᠠᠯᠳᠤᠨ ᠠᠪᠬᠤ ᠬᠠᠮᠤᠭ ᠳᠣᠣᠷ᠎ᠠ | ᠦᠨ᠎ᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠾᠧᠨᠠᠨ᠂ ᠵᠢᠶᠠᠩᠰᠤ᠂ ᠬᠠᠷᠠᠮᠥ᠋ᠷᠡᠨ᠂ | ᠠᠨᠾᠦ᠋ᠢ ᠲᠦᠷᠪᠡᠨ ᠮᠤᠵᠢ ᠳᠤ ᠲᠤᠲᠤᠷᠭ᠎ᠠ ᠶᠢ ᠤᠯᠤᠰ ᠤᠨ ᠨᠥᠭᠡᠴᠡ ᠳᠤ ᠲᠦᠰᠢᠭᠯᠡᠨ ᠬᠠᠮᠤᠭ ᠳᠣᠣᠷ᠎ᠠ ᠦᠨ᠎ᠡ ᠶᠢ | ᠳᠣᠪᠤᠶᠢᠯᠭᠠᠵᠤ ᠬᠤᠳᠠᠯᠳᠤᠨ ᠠᠪᠬᠤ ᠠᠵᠢᠯ ᠢ ᠡᠬᠢᠯᠡᠭᠦᠯᠦᠨ᠂ ᠪᠤᠭᠤᠳᠠᠢ᠂ ᠡᠷᠳᠡᠨᠢ ᠰᠢᠰᠢ ᠬᠤᠳᠠᠯᠳᠤᠨ ᠠᠪᠴᠤ | ᠨᠥᠭᠡᠴᠡᠯᠡᠬᠦ ᠡᠷᠴᠢᠮ ᠢᠶᠠᠨ ᠴᠢᠩᠭᠠᠷᠠᠭᠤᠯᠵᠤ᠂ ᠰᠢᠷ᠎ᠠ ᠪᠤᠷᠴᠠᠭ ᠤᠨ ᠪᠣᠷᠤᠯᠠᠭᠤᠯᠭ᠎ᠠ ᠪᠠ ᠡᠳ᠋ᠰᠢᠭᠦᠯᠦᠨ | ᠪᠣᠯᠪᠠᠰᠤᠷᠠᠭᠤᠯᠵᠤ ᠤᠯᠠᠷᠢᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢ | ᠲᠣᠭᠲᠠᠪᠤᠷᠢᠵᠢᠭᠤᠯᠤᠨ᠂ ᠠᠮᠤ ᠪᠤᠳᠠᠭ᠎ᠠ ᠬᠤᠳᠠᠯᠳᠤᠬᠤ ᠳᠤ ᠬᠦᠴᠢᠷ ᠪᠠᠶᠢᠳᠠᠯ ᠭᠠᠷᠬᠤ ᠠᠴᠠ ᠰᠡᠷᠭᠡᠶᠢᠯᠡᠨ᠎ᠡ᠃ | ᠨᠥᠬᠦᠪᠦᠷᠢ ᠶᠢᠨ ᠲᠠᠯ᠎ᠠ ᠪᠠᠷ᠂ ᠲᠠᠷᠢᠶᠠᠯᠠᠬᠤ ᠭᠠᠵᠠᠷ ᠤᠨ ᠬᠥᠷᠥᠰᠥ ᠰᠢᠷᠣᠢ ᠶᠢᠨ ᠰᠢᠮ᠎ᠡ ᠴᠢᠨᠠᠷ ᠢ ᠬᠠᠮᠠᠭᠠᠯᠠᠬᠤ ᠳᠤ | ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠣᠭᠲᠠᠪᠤᠷᠢᠵᠢᠭᠤᠯᠵᠤ᠂ ᠡᠷᠳᠡᠨᠢ ᠰᠢᠰᠢ ᠰᠢᠷ᠎ᠠ | ᠪᠤᠷᠴᠠᠭ ᠦᠢᠯᠡᠳᠪᠦᠷᠢᠯᠡᠭᠴᠢᠳ ᠲᠤ ᠨᠥᠬᠦᠪᠦᠷᠢ ᠣᠯᠭᠤᠬᠤ᠂ ᠲᠤᠲᠤᠷᠭ᠎ᠠ ᠶᠢᠨ ᠨᠥᠬᠦᠪᠦᠷᠢ ᠣᠯᠭᠤᠬᠤ ᠲᠥᠷᠥ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠣᠷᠣᠨ ᠨᠤᠲᠤᠭ ᠤᠨ ᠬᠢᠨ ᠤ ᠠᠮᠤ ᠲᠣᠰᠣᠨ ᠤ ᠲᠠᠷᠢᠮᠠᠯ ᠤᠨ ᠲᠤᠰᠬᠠᠢ | ᠵᠦᠢᠯ ᠤᠨ ᠵᠢᠭᠡᠯᠡᠯᠭᠡ ᠶᠢᠨ ᠳᠠᠮ ᠬᠦᠦ ᠥᠭᠬᠦ ᠲᠤᠷᠰᠢᠯᠲᠠ ᠶᠢᠨ ᠴᠡᠭ ᠥᠷᠨᠢᠭᠦᠯᠬᠦ ᠶᠢ ᠨᠢ ᠵᠣᠷᠢᠭᠵᠢᠭᠤᠯᠤᠨ᠎ᠠ᠃ | ᠡᠳᠡᠭᠡᠷ ᠲᠦᠷᠦ ᠶᠢᠨ ᠪᠣᠳᠣᠯᠭ᠎ᠠ ᠪᠠᠷ ᠳᠠᠮᠵᠢᠭᠤᠯᠤᠨ ᠲᠠᠷᠢᠶᠠᠴᠢᠳ ᠲᠤ ᠦᠨᠡᠨ ᠬᠦ ᠳᠡᠮᠵᠢᠯᠭᠡ ᠦᠵᠡᠭᠦᠯᠬᠦ ᠬᠡᠷᠡᠭᠲᠡᠢ᠃ | ᠳᠠᠭᠠᠳᠬᠠᠯ ᠤᠨ ᠲᠠᠯ᠎ᠠ ᠪᠠᠷ᠂ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠲᠠᠷᠢᠶᠠᠯᠠᠩ ᠤᠨ ᠳᠠᠭᠠᠳᠬᠠᠯ ᠳᠤ | ᠰᠢᠶᠠᠨ ᠤ ᠱᠠᠲᠤᠨ ᠤ ᠳᠠᠭᠠᠳᠬᠠᠯ ᠤᠨ ᠰᠦᠢᠳᠬᠡᠯ ᠤᠨ ᠨᠥᠬᠦᠪᠦᠷᠢ ᠶᠢ ᠡᠭᠦᠷᠭᠡᠯᠡᠬᠦ ᠬᠠᠷᠢᠴᠠᠯ ᠢ ᠨᠢ ᠪᠠᠭᠤᠷᠠᠭᠤᠯᠵᠤ᠂ | ᠲᠤᠲᠤᠷᠭ᠎ᠠ᠂ ᠪᠤᠭᠤᠳᠠᠢ᠂ ᠡᠷᠳᠡᠨᠢ ᠰᠢᠰᠢ᠂ ᠰᠢᠷ᠎ᠠ ᠪᠤᠷᠴᠠᠭ ᠤᠨ ᠪᠦᠷᠢᠨ ᠥᠪᠡᠷ ᠤᠨ ᠦᠷᠳᠡᠭ ᠤᠨ ᠳᠠᠭᠠᠳᠬᠠᠯ ᠪᠠ | ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠠᠨ ᠠᠬᠢᠭᠤᠯᠵᠤ᠂ | ᠪᠠᠶᠢᠭᠠᠯᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠠᠴᠠ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ | ᠲᠡᠶᠢᠰᠢ ᠥᠷᠭᠡᠳᠬᠡᠬᠦ ᠶᠢ ᠨᠢ ᠲᠦᠷᠭᠡᠳᠬᠡᠨ᠎ᠡ᠃ ᠡᠭᠦᠨ ᠤ ᠬᠠᠮᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ | ᠠᠮᠤ ᠪᠤᠳᠠᠭᠠᠨ ᠤ ᠠᠵᠢᠯ ᠢ ᠠᠳᠬᠤᠬᠤ ᠢᠳᠡᠪᠬᠢᠵᠢᠯ ᠢ ᠨᠢ ᠳᠠᠶᠢᠴᠢᠯᠠᠬᠤ ᠶᠢᠨ ᠲᠣᠭᠤᠷᠢᠨ ᠳᠤ᠂ ᠡᠨᠡ ᠵᠢᠯ ᠠᠮᠤ | ᠪᠤᠳᠠᠭᠠᠨ ᠤ ᠤᠨᠠᠯᠲᠠ ᠶᠢᠨ ᠲᠣᠮᠣ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭᠠᠨ ᠬᠡᠷᠡᠭᠵᠢᠭᠦᠯᠬᠦ ᠬᠡᠪᠴᠢᠶ᠎ᠡ ᠶᠢ ᠨᠢ ᠥᠷᠭᠡᠳᠬᠡᠵᠦ᠂ ᠲᠥᠪ ᠠᠴᠠ ᠨᠢᠭᠡᠳᠦᠯᠲᠡᠢ ᠲᠥᠯᠥᠪᠯᠡᠭᠰᠡᠨ ᠠᠮᠤ | ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠢᠶᠠᠷ | ᠠᠰᠢᠭ ᠲᠤᠰᠠ ᠶᠢ ᠨᠢ ᠨᠥᠬᠦᠪᠦᠷᠢᠯᠡᠬᠦ ᠲᠣᠭᠲᠠᠴᠠ ᠶᠢ ᠡᠬᠢᠯᠡᠨ ᠬᠡᠷᠡᠭᠵᠢᠭᠦᠯᠵᠦ᠂ ︽ᠠᠰᠢᠭ ᠬᠦᠷᠲᠡᠭᠰᠡᠨ︾ ᠮᠤᠵᠢ | ᠪᠡᠯᠡ ᠭᠠᠷᠭᠠᠬᠤ᠂ ︽ᠬᠤᠪᠢ ᠨᠡᠮᠡᠷᠢ ᠦᠵᠡᠭᠦᠯᠦᠭᠰᠡᠨ︾ ᠮᠤᠵᠢ ᠨᠢ ᠨᠥᠬᠦᠪᠦᠷᠢ ᠣᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠪᠡᠯᠡ ᠮᠥᠩᠭᠦᠨ ᠤ ᠣᠷᠣᠭᠤᠯᠤᠯᠲᠠ ᠪᠠᠨ ᠶᠡᠭᠡ ᠪᠠᠷ ᠨᠡᠮᠡᠭᠳᠡᠭᠦᠯᠵᠦ ᠪᠠᠶᠢᠭᠠᠳ ᠠᠮᠤ ᠪᠤᠳᠠᠭᠠᠨ ᠤ | ᠭᠤᠣᠯ ᠤᠨᠠᠯᠲᠠ ᠶᠢᠨ ᠣᠷᠣᠨ ᠪᠠ ᠠᠮᠤ ᠪᠤᠳᠠᠭᠠᠨ ᠤ ᠤᠨᠠᠯᠲᠠ ᠶᠢᠨ ᠲᠣᠮᠣ ᠰᠢᠶᠠᠨ ᠢ ᠳᠡᠮᠵᠢᠬᠦ ᠠᠵᠢᠯ ᠢᠶᠠᠨ | ᠴᠢᠩᠭᠠᠷᠠᠭᠤᠯᠤᠨ᠎ᠠ᠃ | ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ ᠪᠣᠰᠬᠠᠭᠰᠠᠳ | 1200 ᠲᠦᠮᠡ ᠶᠢ ᠳᠠᠪᠠᠪᠠ | ᠣᠲᠣ ᠣᠯᠠᠨ ᠠᠷᠪᠢᠨ ᠵᠠᠯᠠᠭᠤ ᠣᠶᠤᠲᠠᠳ᠂ ᠬᠤᠲᠠ ᠶᠢᠨ ᠴᠠᠭᠠᠨ ᠵᠠᠭᠠᠮᠠᠲᠠᠳ ᠵᠡᠷᠭᠡ ᠬᠥᠮᠥᠰ | ᠨᠤᠲᠤᠭ ᠲᠤ ᠪᠠᠨ ᠪᠤᠴᠠᠵᠤ ᠦᠢᠯᠡᠰ ᠪᠣᠰᠬᠠᠨ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠪ ᠵᠠᠭᠪᠤᠷ᠂ | ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠳᠠᠶᠢᠴᠢᠯᠠᠨ ᠴᠣᠯᠭᠤᠷᠠᠭᠤᠯᠵᠤ ᠪᠠᠶᠢᠨ᠎ᠠ᠃ ᠪᠦᠷᠢᠳᠬᠡᠯ ᠢ | ᠦᠨᠳᠦᠰᠦᠯᠡᠪᠡᠯ᠂ ᠣᠳᠣᠬᠠᠨ ᠳᠤ ᠪᠥᠬᠦ ᠤᠯᠤᠰ ᠲᠠᠬᠢ ᠨᠤᠲᠤᠭ ᠲᠤ ᠪᠠᠨ ᠪᠤᠴᠠᠭᠰᠠᠨ ᠡᠯ᠎ᠡ ᠲᠥᠷᠥᠯ ᠤᠨ ᠦᠢᠯᠡᠰ | ᠪᠣᠰᠬᠠᠭᠰᠠᠳ 1200 ᠲᠦᠮᠡ ᠶᠢ ᠳᠠᠪᠠᠵᠠᠢ᠃ ᠡᠳᠡᠭᠡᠷ ︽ᠰᠢᠨ᠎ᠡ ᠲᠠᠷᠢᠶᠠᠴᠢᠨ︾᠂ ︽ᠬᠥᠳᠡᠭᠡ ᠲᠣᠰᠬᠤᠨ ᠤ | ᠰᠢᠨ᠎ᠡ ᠶᠢ ᠡᠭᠦᠳᠦᠭᠴᠢ︾ ᠨᠠᠷ ᠮᠡᠷᠭᠡᠵᠢᠯ ᠪᠠ ᠰᠢᠨ᠎ᠡ ᠡᠭᠦᠳᠦᠯᠲᠡ᠂ ᠬᠦᠰᠡᠯ ᠵᠡᠭᠦᠳᠦ ᠪᠠ ᠬᠠᠶᠢᠷ᠎ᠠ ᠰᠡᠳᠬᠢᠯᠭᠡ | ᠡᠪᠦᠷᠯᠡᠨ ᠢᠷᠡᠵᠦ᠂ ᠬᠥᠳᠡᠭᠡ ᠲᠣᠰᠬᠤᠨ ᠤ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠷ | ᠬᠥᠭᠵᠢᠶᠡᠨ ᠨᠡᠮᠡᠷᠢᠯᠡᠵᠡᠢ᠃ | ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠪᠠᠶᠢᠷᠢᠯᠠᠭᠤᠯᠤᠭᠰᠠᠨ ᠢᠶᠠᠷ᠄ ᠨᠢᠭᠡ ᠲᠠᠯ᠎ᠠ ᠪᠠᠷ᠂ | ᠲᠣᠰ ᠨᠤᠲᠤᠭ ᠤᠨ ᠴᠢᠳᠠᠪᠤᠷᠢᠲᠠᠨ ᠢᠶᠠᠨ ᠬᠥᠮᠥᠵᠢᠭᠦᠯᠬᠦ ᠶᠢ ᠴᠢᠬᠤᠯᠠᠴᠢᠯᠠᠨ ᠴᠢᠩᠭᠠᠳᠬᠠᠵᠤ᠂ ᠲᠠᠷᠢᠶᠠᠴᠢᠳ ᠤᠨ | ᠮᠡᠷᠭᠡᠵᠢᠯ ᠤᠷ᠎ᠠ ᠮᠡᠷᠭᠡᠰᠢᠯ ᠤᠨ ᠪᠣᠯᠪᠠᠰᠤᠷᠠᠯ ᠢ ᠴᠢᠩᠭᠠᠳᠬᠠᠬᠤ᠂ ᠬᠥᠳᠡᠭᠡ ᠲᠣᠰᠬᠤᠨ ᠤ ᠤᠷᠠᠨ ᠳᠠᠷᠬᠠᠨ ᠢ | ᠬᠥᠮᠥᠵᠢᠭᠦᠯᠬᠦ ᠢᠨᠵᠧᠨᠧᠷᠢᠩ ᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠥᠳᠡᠭᠡ ᠲᠣᠰᠬᠤᠨ ᠤ | ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠳ ᠪᠠ ᠬᠡᠷᠡᠭᠯᠡᠭᠡᠨ ᠤ ᠴᠢᠳᠠᠪᠤᠷᠢᠲᠠᠳ ᠤᠨ ᠡᠩᠨᠡᠭᠡ ᠶᠢ | ᠪᠤᠵᠠᠭᠠᠶᠢᠷᠠᠭᠤᠯᠤᠨ᠎ᠠ᠃ ᠨᠥᠭᠦᠭᠡ ᠲᠠᠯ᠎ᠠ ᠪᠠᠷ᠂ ᠭᠠᠳᠠᠨᠠᠬᠢ ᠴᠢᠳᠠᠪᠤᠷᠢᠲᠠᠳ ᠢ ᠣᠷᠣᠭᠤᠯᠤᠨ ᠠᠪᠴᠢᠷᠠᠬᠤ ᠪᠠᠨ | ᠠᠩᠬᠠᠷᠤᠨ ᠴᠢᠬᠤᠯᠠᠴᠢᠯᠠᠵᠤ᠂ ᠦᠢᠯᠡᠰ ᠪᠣᠰᠬᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ᠂ | ᠨᠢᠭᠡ ᠪᠦᠯᠦᠭ ᠦᠨᠳᠦᠰᠦᠨ ᠱᠠᠲᠤᠨ ᠤ ᠦᠢᠯᠡᠴᠢᠯᠡᠭᠡᠨ ᠤ ᠵᠦᠢᠯᠡᠰ ᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠬᠥᠳᠡᠭᠡ ᠲᠣᠰᠬᠤᠨ ᠤ ᠬᠥᠭᠵᠢᠯᠲᠡ ᠳᠤ ᠨᠢᠭᠡ ᠪᠦᠯᠦᠭ ᠪᠠᠴᠢᠮ ᠱᠠᠭᠠᠷᠳᠠᠭᠳᠠᠵᠤ ᠪᠠᠶᠢᠭ᠎ᠠ | ᠴᠢᠳᠠᠪᠤᠷᠢᠲᠠᠳ ᠢ ᠣᠷᠣᠭᠤᠯᠤᠨ ᠠᠪᠴᠢᠷᠠᠨ᠎ᠠ᠃ |