ᠬᠥᠳᠡᠭᠡ ᠲᠣᠰᠬᠤᠨ ᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠳᠡᠭᠡ ᠲᠣᠰᠬᠤᠨ ᠤ | ᠰᠤᠷᠤᠭᠴᠢᠳ ᠤᠨ ᠰᠢᠮ᠎ᠡ ᠲᠡᠵᠢᠭᠡᠯᠲᠦ ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ | ᠰᠤᠷᠭᠠᠨ ᠬᠥᠮᠦᠵᠢᠯ ᠤᠨ ᠲᠠᠯ᠎ᠠ ᠪᠠᠷ᠂ ᠭᠤᠣᠯᠳᠠᠯᠭ᠎ᠠ ᠨᠢ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠪᠠ | ᠴᠢᠬᠤᠯᠠ ᠪᠦᠬᠦᠢ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠪᠢᠴᠢᠭ ᠮᠠᠲ᠋ᠧᠷᠢᠶᠠᠯ ᠳᠤ | ᠣᠨᠴᠠᠭᠠᠶᠢᠯᠠᠨ ᠴᠢᠬᠤᠯᠠᠴᠢᠯᠠᠬᠤ ᠳᠤ ᠪᠠᠨ᠂ ᠬᠥᠳᠡᠭᠡ ᠲᠣᠰᠬᠤᠨ ᠤ ᠰᠤᠷᠤᠭᠴᠢᠳ ᠤᠨ ᠰᠢᠮ᠎ᠡ ᠲᠡᠵᠢᠭᠡᠯᠲᠦ | ᠬᠤᠭᠤᠯᠠᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠡᠯᠡ | ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠮᠴᠢᠯᠡᠭᠡᠨ ᠤ ᠲᠠᠯ᠎ᠠ ᠪᠠᠷ᠂ | ᠭᠤᠣᠯᠳᠠᠯᠭ᠎ᠠ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠪᠠ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ | ᠠᠬᠢᠭᠤᠯᠵᠤ᠂ ᠭᠤᠣᠯ ᠪᠣᠯᠬᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠰᠠᠶᠢᠲᠤᠷ ᠡᠷᠬᠢᠯᠡᠵᠤ᠂ | ᠲᠠᠷᠢᠶᠠᠴᠢᠳ ᠤᠨ ᠡᠪᠡᠳᠴᠢᠨ ᠦᠵᠡᠭᠦᠯᠵᠦ ᠡᠮᠨᠡᠭᠦᠯᠬᠦ ᠳᠤ ᠨᠢ ᠨᠡᠩ ᠲᠦᠬᠦᠮ ᠪᠣᠯᠭᠠᠨ᠎ᠠ᠃ ᠵᠠᠯᠭᠠᠭ᠎ᠠ ᠪᠠᠷ | ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠ ᠲᠤᠬᠠᠢ ᠶᠢᠨ ᠵᠢᠯ ᠳᠤ ᠲᠠᠩᠰᠠ ᠲᠠᠶᠢᠯᠤᠭᠰᠠᠨ | ᠦᠭᠡᠢ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ | ᠬᠠᠮᠤᠭ ᠤᠨ ᠥᠨᠳᠥᠷ ᠲᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠵᠣᠬᠢᠬᠤ ᠬᠡᠮᠵᠢᠶᠡᠨ ᠤ | ᠵᠣᠷᠢᠭᠵᠢᠭᠤᠯᠤᠯ ᠥᠭᠴᠦ᠂ ᠳᠠᠭᠠᠳᠬᠠᠯ ᠳᠤ ᠣᠷᠣᠯᠴᠠᠭᠰᠠᠨ ᠲᠠᠷᠢᠶᠠᠴᠢᠳ ᠲᠤ ᠪᠣᠳᠠᠲᠠᠢ ᠠᠰᠢᠭ ᠬᠦᠷᠲᠡᠭᠡᠨ᠎ᠡ᠃ | ᠨᠠᠰᠤᠵᠢᠯ ᠤᠨ ᠠᠰᠠᠷᠠᠮᠵᠢ ᠶᠢᠨ ᠲᠠᠯ᠎ᠠ ᠪᠠᠷ᠂ ᠭᠤᠣᠯᠳᠠᠯᠭ᠎ᠠ ᠨᠢ ᠬᠥᠳᠡᠭᠡ ᠲᠣᠰᠬᠤᠨ ᠤ ᠨᠠᠰᠤᠵᠢᠭᠰᠠᠨ ᠬᠥᠮᠥᠨ | ᠣᠯᠠᠳᠠᠵᠤ ᠪᠠᠶᠢᠭ᠎ᠠ ᠬᠠᠨᠳᠤᠰᠢ ᠳᠤ ᠴᠢᠭᠯᠡᠭᠦᠯᠦᠨ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠡᠪᠡᠷᠰᠢᠶᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠠᠰᠤᠵᠢᠯ ᠤᠨ ᠰᠠᠭᠤᠷᠢ ᠠᠰᠠᠷᠠᠮᠵᠢ ᠶᠢᠨ ᠮᠥᠩᠭᠦ ᠶᠢ | ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠷᠢᠶᠠᠴᠢᠳ ᠤᠨ ᠨᠠᠰᠤᠵᠢᠯ ᠤᠨ ᠠᠰᠠᠷᠠᠮᠵᠢ ᠶᠢᠨ ᠲᠠᠯ᠎ᠠ ᠶᠢᠨ | ᠬᠤᠶᠢᠰᠢᠳᠠ ᠶᠢᠨ ᠵᠣᠪᠠᠨᠢᠯ ᠢ ᠰᠢᠢᠳᠪᠦᠷᠢᠯᠡᠨ᠎ᠡ᠃ | ᠮᠠᠨ ᠤ ᠤᠯᠤᠰ ᠤᠨ ᠠᠮᠤ ᠪᠤᠳᠠᠭᠠᠨ ᠤ ᠬᠠᠩᠭᠠᠯᠭ᠎ᠠ ᠶᠡᠷᠦᠩᠬᠡᠢ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ | | ᠬᠠᠷᠢᠨ ᠮᠥᠨ ᠯᠡ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠢ ᠪᠠᠶᠢᠳᠠᠯ ᠳᠤ ᠪᠠᠨ ᠣᠷᠣᠰᠢᠵᠤ ᠪᠠᠶᠢᠨ᠎ᠠ | ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠬᠡᠷᠬᠢᠨ ᠠᠳᠬᠤᠬᠤ ᠲᠤᠬᠠᠢ ᠡᠶᠢᠮᠦ ᠨᠢᠭᠡᠨ ᠴᠢᠮᠡᠭᠡ | ᠳᠤᠭᠤᠯᠳᠠᠵᠤ ᠪᠣᠢ᠂ ᠠᠮᠤ ᠪᠤᠳᠠᠭᠠᠨ ᠤ ᠤᠨᠠᠯᠲᠠ ᠨᠡᠮᠡᠭᠳᠡᠪᠡ᠂ ᠳᠡᠭᠡᠷ᠎ᠡ ᠨᠢ ᠠᠮᠤ ᠪᠤᠳᠠᠭᠠᠨ ᠤ ᠵᠠᠬ᠎ᠠ ᠳᠡᠯᠭᠡᠭᠦᠷ ᠴᠦ | ᠨᠡᠯᠢᠶᠡᠳ ᠮᠠᠭᠤᠵᠢᠷᠠᠵᠤ᠂ ᠵᠠᠷᠢᠮ ᠡᠭᠦᠯᠳᠡᠷ ᠤᠨ ᠦᠨ᠎ᠡ ᠬᠠᠩᠰᠢ ᠪᠠᠭᠤᠷᠠᠭᠰᠠᠨ ᠪᠣᠯᠬᠤᠷ ᠡᠨᠡ ᠵᠢᠯ ᠤᠨ ᠠᠮᠤ | ᠪᠤᠳᠠᠭᠠᠨ ᠤ ᠠᠵᠢᠯ ᠤᠨ ᠡᠷᠴᠢᠮ ᠢ ᠰᠤᠯᠠᠷᠠᠭᠤᠯᠪᠠᠯ ᠶᠠᠮᠠᠷ ᠵᠡᠷᠭᠡ ᠪᠣᠢ︖ ᠡᠭᠦᠨ ᠤ ᠲᠤᠬᠠᠢ ᠲᠥᠪ ᠬᠤᠷᠢᠶᠠᠨ ᠤ | ᠲᠦᠷᠦ ᠶᠢᠨ ᠪᠣᠳᠣᠯᠭ᠎ᠠ ᠪᠣᠯ ᠲᠣᠳᠣᠷᠬᠠᠢ ᠶᠤᠮ᠂ ᠠᠮᠤ ᠪᠤᠳᠠᠭᠠᠨ ᠤ ᠦᠢᠯᠡᠳᠪᠦᠷᠢᠯᠡᠯ ᠢ ᠴᠢᠩᠭᠠᠳᠬᠠᠬᠤ ᠠᠴᠠ ᠪᠢᠰᠢ | ᠰᠤᠯᠠᠷᠠᠭᠤᠯᠵᠤ ᠪᠣᠯᠬᠤ ᠦᠭᠡᠢ᠃ ᠠᠮᠤ ᠪᠤᠳᠠᠭᠠᠨ ᠤ ᠦᠨ᠎ᠡ ᠬᠠᠩᠰᠢ ᠬᠡᠰᠡᠭ ᠬᠤᠭᠤᠴᠠᠭᠠᠨ ᠳᠤ ᠪᠣᠯᠤᠭᠰᠠᠨ ᠠᠴᠠ | ᠪᠣᠯᠣᠭᠠᠳ ᠠᠮᠤ ᠪᠤᠳᠠᠭᠠᠨ ᠤ ᠦᠢᠯᠡᠳᠪᠦᠷᠢᠯᠡᠯ ᠨᠢᠭᠡᠨᠲᠡ ᠵᠣᠪᠠᠭᠤ ᠤᠴᠢᠷ ᠦᠭᠡᠢ ᠪᠣᠯᠴᠢᠬᠠᠯ᠎ᠠ ᠭᠡᠵᠦ ᠬᠥᠩᠭᠡᠨ | ᠬᠠᠭᠤᠳᠠᠮ ᠢᠶᠠᠷ ᠬᠡᠯᠡᠵᠦ ᠶᠠᠭᠠᠬᠢᠭᠰᠠᠨ ᠴᠤ ᠪᠣᠯᠬᠤ ᠦᠭᠡᠢ᠃ ᠨᠢᠭᠡ ᠲᠠᠯ᠎ᠠ ᠪᠠᠷ᠂ ᠠᠮᠤ ᠪᠤᠳᠠᠭᠠᠨ ᠤ | ᠦᠢᠯᠡᠳᠪᠦᠷᠢᠯᠡᠯ ᠨᠢ ᠵᠣᠬᠢᠬᠤ ᠬᠡᠮᠵᠢᠶᠡᠨ ᠳᠤ ᠮᠥᠨ ᠯᠡ ᠲᠡᠭᠷᠢ ᠶᠢᠨ ᠴᠢᠷᠠᠢ ᠶᠢ ᠬᠠᠷᠠᠨ ᠠᠮᠢᠳᠤᠷᠠᠵᠤ᠂ ︽ᠬᠥᠮᠥᠨ | ᠴᠢᠷᠮᠠᠶᠢᠬᠤ︾ ᠲᠡᠳᠦᠢ ᠪᠢᠰᠢ ᠪᠠᠰᠠ ︽ᠲᠡᠭᠷᠢ ᠶᠢᠨ ᠴᠢᠷᠠᠢ ᠶᠢ ᠬᠠᠷᠠᠬᠤ ᠴᠢᠬᠤᠯᠠᠲᠠᠢ ᠪᠠᠶᠢᠳᠠᠭ︾᠃ ᠣᠶᠢᠷ᠎ᠠ ᠶᠢᠨ | ᠵᠢᠯ ᠤᠳ ᠲᠤ ᠬᠡᠴᠡᠭᠦᠦ ᠴᠠᠭ ᠠᠭᠤᠷ ᠵᠡᠷᠭᠡ ᠪᠠᠶᠢᠭᠠᠯᠢ ᠶᠢᠨ ᠭᠠᠮᠰᠢᠭ ᠤᠯᠠᠨ ᠡᠭᠦᠰᠴᠦ ᠲᠠᠬᠢᠨ ᠡᠭᠦᠰᠴᠦ ᠪᠠᠶᠢᠭ᠎ᠠ | ᠪᠣᠯᠬᠤᠷ ᠲᠣᠭᠲᠠᠭᠤᠨ ᠪᠤᠰᠤ ᠬᠦᠴᠦᠨ ᠵᠦᠢᠯ ᠮᠠᠰᠢ ᠤᠯᠠᠨ ᠪᠠᠶᠢᠨ᠎ᠠ᠂ ᠡᠶᠢᠮᠦ ᠠᠴᠠ ᠡᠷᠬᠡᠪᠰᠢ ᠭᠠᠮᠰᠢᠭ ᠢ | ᠡᠰᠡᠷᠭᠦᠴᠡᠨ ᠡᠯᠪᠡᠭ ᠬᠤᠷᠢᠶᠠᠯᠲᠠ ᠶᠢ ᠲᠡᠮᠡᠴᠡᠨ ᠣᠯᠬᠤ ᠳᠤ ᠰᠠᠭᠤᠷᠢᠯᠠᠵᠤ᠂ ᠬᠦᠴᠢᠷ ᠪᠡᠷᠬᠡᠰᠢᠶᠡᠯ ᠢ ᠲᠡᠷᠢᠭᠦᠨ ᠳᠤ | ᠲᠠᠯᠪᠢᠵᠤ᠂ ᠠᠮᠤᠷ ᠲᠦᠪᠰᠢᠨ ᠢᠶᠠᠷ ᠬᠤᠷᠢᠶᠠᠯᠲᠠ ᠣᠯᠬᠤ ᠢᠯᠡᠳᠬᠡᠮᠵᠢ ᠶᠢ ᠨᠡᠩ ᠥᠨᠳᠥᠷ ᠪᠣᠯᠭᠠᠬᠤ ᠬᠡᠷᠡᠭᠲᠡᠢ᠃ | ᠨᠥᠭᠦᠭᠡ ᠲᠠᠯ᠎ᠠ ᠪᠠᠷ᠂ ᠮᠠᠨ ᠤ ᠤᠯᠤᠰ ᠤᠨ ᠠᠮᠤ ᠪᠤᠳᠠᠭᠠᠨ ᠤ ᠬᠡᠷᠡᠭᠴᠡᠭᠡ ᠪᠠᠰᠠ ᠲᠠᠰᠤᠷᠠᠯᠲᠠ ᠦᠭᠡᠢ ᠥᠷᠭᠡᠳᠴᠦ᠂ | 14 ᠳ᠋ᠦᠩᠰᠢᠭᠤᠷ ᠭᠠᠷᠤᠢ ᠬᠥᠮᠥᠨ ᠤ ᠢᠳᠡᠬᠦ ᠬᠤᠭᠤᠯᠠ ᠪᠠᠶᠢᠬᠤ ᠶᠢ ᠪᠠᠲᠤᠯᠠᠬᠤ ᠬᠡᠷᠡᠭᠲᠡᠢ ᠮᠥᠷᠲᠡᠭᠡᠨ ᠰᠠᠶᠢᠨ | ᠬᠤᠭᠤᠯᠠ ᠢᠳᠡᠬᠦ ᠶᠢ ᠬᠦᠰᠡᠵᠦ ᠪᠠᠶᠢᠨ᠎ᠠ᠃ ᠤᠳᠤ ᠬᠡᠳᠦᠢ ᠪᠠᠷ ᠬᠥᠮᠥᠰ ᠤᠨ ᠬᠦᠨᠡᠰᠦᠨ ᠠᠮᠤ ᠢᠳᠡᠬᠦ ᠨᠢ ᠪᠠᠭ᠎ᠠ | ᠪᠣᠯᠤᠭᠰᠠᠨ ᠴᠤ ᠮᠢᠬ᠎ᠠ᠂ ᠥᠨᠳᠡᠭᠡ᠂ ᠰᠦ ᠢᠳᠡᠬᠦ ᠨᠢ ᠶᠡᠭᠡ ᠪᠣᠯᠪᠠ᠂ ᠡᠳᠡᠭᠡᠷ ᠢ ᠴᠥᠮ ᠤᠯᠠᠮ ᠠᠴᠠ ᠤᠯᠠᠮ | ᠠᠷᠪᠢᠨ ᠲᠡᠵᠢᠭᠡᠯ ᠪᠣᠷᠳᠣᠭᠠᠨ ᠤ ᠠᠮᠤ ᠠᠴᠠ ᠤᠯᠠᠷᠢᠭᠤᠯᠵᠤ ᠰᠢᠢᠳᠪᠦᠷᠢᠯᠡᠬᠦ ᠴᠢᠬᠤᠯᠠ ᠲᠠᠢ᠃ ᠮᠠᠨ ᠤ ᠤᠯᠤᠰ ᠤᠨ | ᠠᠮᠤ ᠪᠤᠳᠠᠭᠠᠨ ᠤ ᠬᠠᠩᠭᠠᠯᠭ᠎ᠠ ᠶᠡᠷᠦᠩᠬᠡᠢ ᠳᠤ ᠪᠠᠨ ᠬᠡᠷᠡᠭᠴᠡᠭᠡᠨ ᠠᠴᠠ ᠪᠠᠨ ᠶᠡᠭᠡ ᠪᠢᠰᠢ᠂ ᠬᠠᠷᠢᠨ ᠮᠥᠨ ᠯᠡ | ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢᠲᠡᠢ ᠪᠠᠶᠢᠳᠠᠯ ᠳᠤ ᠪᠠᠨ ᠣᠷᠣᠰᠢᠵᠤ ᠪᠠᠶᠢᠨ᠎ᠠ᠃ ᠲᠡᠦᠬᠡᠨ ᠲᠤᠷᠰᠢᠯᠭ᠎ᠠ | ᠬᠠᠷᠠᠭᠤᠯᠤᠭᠰᠠᠨ ᠨᠢ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠢ ᠳᠡᠭᠡᠭᠰᠢᠯᠡᠭᠦᠯᠬᠦ ᠳᠤ ᠶᠡᠷᠦ ᠨᠢ | ᠮᠠᠰᠢ ᠬᠦᠴᠢᠷ᠂ ᠪᠠᠭᠤᠷᠠᠭᠤᠯᠬᠤ ᠳᠤ ᠬᠠᠷᠢᠨ ᠬᠠᠷᠢᠴᠠᠩᠭᠤᠢ ᠪᠠᠷ ᠠᠮᠠᠷᠬᠠᠨ ᠪᠠᠶᠢᠳᠠᠭ᠂ ᠠᠵᠢᠯ ᠤᠨ ᠡᠷᠴᠢᠮ ᠢᠶᠠᠨ | ᠰᠤᠯᠠᠷᠠᠭᠤᠯᠤᠭᠰᠠᠨ ᠠᠴᠠ ᠪᠣᠯᠣᠭᠠᠳ ᠦᠢᠯᠡᠳᠪᠦᠷᠢᠯᠡᠯ ᠢ ᠶᠡᠭᠡ ᠪᠠᠷ ᠳᠡᠭᠡᠭᠰᠢᠯᠡᠭᠦᠯᠵᠦ ᠶᠡᠭᠡ ᠪᠠᠷ ᠪᠠᠭᠤᠷᠠᠭᠤᠯᠵᠤ | ᠶᠠᠭᠠᠬᠢᠭᠰᠠᠨ ᠴᠤ ᠪᠣᠯᠬᠤ ᠦᠭᠡᠢ᠃ ᠡᠨᠡ ᠵᠢᠯ ᠤᠨ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠦᠷᠭᠦᠯᠵᠢᠯᠡᠨ ᠲᠡᠷᠢᠭᠦᠨ ᠪᠠᠶᠢᠷᠢᠨ ᠳᠤ | ᠲᠠᠯᠪᠢᠵᠤ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠦᠷᠭᠦᠯᠵᠢᠯᠡᠨ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠨᠠᠭᠠᠴᠢᠯᠠᠭᠠᠲᠤ ᠡᠷᠬᠡ ᠶᠢ | ᠪᠠᠲᠤ ᠡᠵᠡᠮᠳᠡᠵᠦ᠂ ᠥᠪᠡᠷ ᠤᠨ ᠪᠤᠳᠠᠭᠠᠨ ᠠᠶᠠᠭ᠎ᠠ ᠪᠠᠨ ᠭᠠᠷ ᠲᠤ ᠪᠠᠨ ᠨᠡᠩ ᠯᠠᠪᠳᠠᠭᠤᠨ ᠪᠠᠲᠤ ᠠᠳᠬᠤᠬᠤ | ᠬᠡᠷᠡᠭᠲᠡᠢ ᠭᠡᠵᠦ ᠴᠢᠬᠤᠯᠠᠴᠢᠯᠠᠪᠠ᠃ | ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠢ ᠶᠢ ᠠᠯᠪᠠ ᠪᠠᠷ ᠰᠢᠯᠵᠢᠭᠦᠯᠵᠦ | ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ | ᠡᠷᠦᠭᠡ ᠳᠤ ᠳᠠᠭᠠᠭᠠᠴᠢᠯᠠᠭᠤᠯᠤᠨ ᠡᠵᠡᠩᠨᠡᠭᠦᠯᠦᠭᠰᠡᠨ ᠰᠠᠭᠤᠷᠢᠨ ᠳᠡᠭᠡᠷ᠎ᠡ᠂ ᠳᠠᠭᠠᠭᠠᠴᠢᠯᠠᠭᠰᠠᠨ ᠭᠠᠵᠠᠷ ᠤᠨ | ︽ᠭᠤᠷᠪᠠᠨ ᠡᠷᠬᠡ ᠶᠢ ᠰᠠᠯᠭᠠᠬᠤ︾ ᠪᠠᠷ ᠳᠠᠮᠵᠢᠭᠤᠯᠤᠨ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠮᠬᠢ | ᠵᠢᠷᠤᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠬᠥᠲᠥᠯᠥᠨ ᠵᠢᠯᠤᠭᠤᠳᠴᠤ᠂ ᠲᠠᠷᠢᠶᠠᠯᠠᠩ ᠤᠨ ᠵᠣᠬᠢᠬᠤ | ᠬᠡᠪᠴᠢᠶᠡᠲᠦ ᠡᠵᠡᠩᠨᠡᠯᠲᠡ ᠶᠢ ᠬᠥᠭᠵᠢᠭᠦᠯᠬᠦ ᠪᠣᠯ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠬᠦ ᠶᠢᠨ ᠵᠠᠶᠢᠯᠠᠰᠢ | ᠦᠭᠡᠢ ᠶᠠᠪᠤᠬᠤ ᠵᠠᠮ ᠮᠥᠨ᠂ ᠪᠠᠰᠠ ᠴᠤ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ | ᠪᠠᠬᠢᠵᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠲᠠᠯ᠎ᠠ ᠮᠥᠨ᠃ ᠣᠶᠢᠷ᠎ᠠ ᠶᠢᠨ ᠵᠢᠯ ᠤᠳ ᠲᠤ᠂ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠲᠣᠭᠲᠠᠭᠤᠨ ᠪᠠᠶᠢᠵᠤ᠂ ᠳᠠᠭᠠᠭᠠᠴᠢᠯᠠᠯᠲᠠ ᠶᠢᠨ | ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠵᠦ ᠪᠠᠶᠢᠬᠤ ᠨᠢ ᠶᠡᠷᠦᠩᠬᠡᠢ ᠳᠤ ᠪᠠᠨ | ᠵᠢᠷᠤᠮᠵᠢᠭᠤᠨ ᠪᠥᠭᠡᠳ ᠡᠮᠬᠢ ᠳᠢᠭᠯᠢᠮ ᠲᠠᠢ ᠪᠠᠶᠢᠨ᠎ᠠ᠂ ᠭᠡᠪᠡᠴᠦ ᠵᠠᠷᠢᠮ ᠭᠠᠵᠠᠷ ᠣᠷᠣᠨ ᠳᠤ ᠪᠠᠰᠠ ᠳᠦᠷᠢᠮ ᠠᠴᠠ | ᠵᠥᠷᠢᠴᠡᠨ ᠠᠵᠢᠯᠯᠠᠭᠤᠯᠤᠭᠰᠠᠨ ᠠᠰᠠᠭᠤᠳᠠᠯ ᠤᠳ ᠭᠠᠷᠴᠠᠢ᠂ ᠪᠢᠴᠢᠭ ᠮᠠᠲ᠋ᠧᠷᠢᠶᠠᠯ ᠳᠤ ᠡᠭᠦᠨ ᠤ ᠲᠤᠬᠠᠢ | ᠴᠢᠬᠤᠯᠠᠴᠢᠯᠠᠭᠰᠠᠨ ᠪᠠᠶᠢᠨ᠎ᠠ᠃ | ᠨᠢᠭᠡ ᠳᠤ᠂ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠣᠨᠣᠴᠠᠲᠠᠢ ᠠᠳᠬᠤᠨ᠎ᠠ᠃ ᠲᠥᠪ ᠬᠤᠷᠢᠶᠠᠨ ᠤ ᠱᠠᠭᠠᠷᠳᠠᠯᠭ᠎ᠠ ᠮᠠᠰᠢ ᠲᠣᠳᠣᠷᠬᠠᠢ ᠪᠠᠶᠢᠨ᠎ᠠ᠂ ᠳᠠᠭᠠᠭᠠᠴᠢᠯᠠᠭᠰᠠᠨ | ᠭᠠᠵᠠᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ ᠳᠤ ᠬᠠᠤᠯᠢ ᠶᠣᠰᠣᠭᠠᠷ᠂ | ᠰᠠᠨᠠᠭᠠᠴᠢᠯᠠᠭ᠎ᠠ ᠶᠢᠨ᠂ ᠲᠥᠯᠥᠪᠦᠷᠢ ᠲᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠢ᠂ ᠳᠠᠭᠠᠭᠠᠴᠢᠯᠠᠭᠰᠠᠨ ᠲᠠᠷᠢᠶᠠᠴᠢᠨ | ᠡᠷᠤᠭᠡ ᠶᠢᠨ ᠰᠠᠨᠠᠭ᠎ᠠ ᠠᠴᠠ ᠵᠥᠷᠢᠴᠡᠵᠦ ᠪᠣᠯᠬᠤ ᠦᠭᠡᠢ᠂ ᠲᠠᠷᠢᠶᠠᠴᠢᠳ ᠤᠨ ᠡᠷᠬᠡ ᠠᠰᠢᠭ ᠢ ᠬᠤᠬᠢᠷᠠᠭᠤᠯᠵᠤ ᠪᠣᠯᠬᠤ | ᠦᠭᠡᠢ᠂ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠵᠤ ᠪᠣᠯᠬᠤ ᠦᠭᠡᠢ᠂ ᠲᠠᠷᠢᠶᠠᠯᠠᠩ ᠤᠨ ᠶᠡᠷᠦᠩᠬᠡᠶᠢᠯᠡᠭᠰᠡᠨ | ᠦᠢᠯᠡᠳᠪᠦᠷᠢᠯᠡᠯ ᠤᠨ ᠴᠢᠳᠠᠪᠤᠷᠢ ᠪᠠ ᠲᠠᠷᠢᠶᠠᠯᠠᠩ ᠤᠨ ᠠᠮᠢ ᠠᠬᠤᠢ ᠣᠷᠴᠢᠨ ᠠᠬᠤᠢ ᠶᠢ ᠡᠪᠳᠡᠵᠦ ᠪᠣᠯᠬᠤ ᠦᠭᠡᠢ᠃ | ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠦᠨ ᠡᠷᠭᠢᠯᠳᠦᠭᠦᠯᠬᠦ᠂ ᠲᠥᠪᠯᠡᠷᠡᠭᠦᠯᠬᠦ᠂ | ᠬᠡᠪᠴᠢᠶᠡᠵᠢᠭᠦᠯᠦᠨ ᠡᠵᠡᠩᠨᠡᠬᠦ ᠬᠡᠮᠵᠢᠶ᠎ᠡ ᠶᠢ ᠰᠠᠶᠢᠲᠤᠷ ᠡᠵᠡᠮᠳᠡᠵᠦ᠂ ᠬᠤᠳᠠ ᠪᠠᠯᠭᠠᠰᠤᠵᠢᠯᠲᠠ ᠶᠢᠨ ᠠᠬᠢᠴᠠ ᠪᠠ | ᠬᠥᠳᠡᠭᠡ ᠲᠣᠰᠬᠤᠨ ᠤ ᠬᠥᠳᠡᠯᠮᠦᠷᠢ ᠬᠦᠴᠦᠨ ᠤ ᠰᠢᠯᠵᠢᠯᠲᠡ ᠶᠢᠨ ᠬᠡᠪᠴᠢᠶ᠎ᠡ ᠯᠦᠭᠡ ᠵᠣᠬᠢᠴᠠᠭᠤᠯᠵᠤ᠂ | ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠪᠠ ᠦᠢᠯᠡᠳᠪᠦᠷᠢᠯᠡᠯ ᠤᠨ ᠠᠷᠭ᠎ᠠ | ᠪᠠᠷᠢᠯ ᠤᠨ ᠰᠠᠶᠢᠵᠢᠷᠠᠯᠲᠠ ᠶᠢᠨ ᠬᠡᠮᠵᠢᠶ᠎ᠡ ᠯᠦᠭᠡ ᠵᠣᠬᠢᠴᠠᠭᠤᠯᠵᠤ᠂ ᠲᠠᠷᠢᠶᠠᠯᠠᠩ ᠤᠨ ᠨᠡᠶᠢᠭᠡᠮᠴᠢᠯᠡᠭᠰᠡᠨ | ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠯᠦᠭᠡ ᠵᠣᠬᠢᠴᠠᠭᠤᠯᠬᠤ ᠬᠡᠷᠡᠭᠲᠡᠢ᠃ | ᠬᠤᠶᠠᠷ ᠲᠤ᠂ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠶᠢᠨ ᠬᠠᠮᠢᠶᠠᠷᠤᠯᠲᠠ ᠦᠢᠯᠡᠴᠢᠯᠡᠭᠡᠨ ᠤ | ᠳᠦᠷᠢᠮ ᠢ ᠲᠡᠭᠦᠯᠳᠡᠷᠵᠢᠭᠦᠯᠦᠨ᠎ᠡ᠃ ᠭᠤᠣᠯᠳᠠᠯᠭ᠎ᠠ ᠨᠢ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠢ | ᠵᠢᠷᠤᠮᠵᠢᠭᠤᠯᠤᠨ ᠳᠦᠷᠢᠮᠵᠢᠭᠦᠯᠬᠦ ᠶᠢ ᠠᠬᠢᠭᠤᠯᠵᠤ᠂ ᠰᠢᠯᠵᠢᠭᠦᠯᠦᠨ ᠡᠷᠭᠢᠯᠳᠦᠭᠦᠯᠬᠦ ᠬᠤᠶᠠᠷ ᠲᠠᠯ᠎ᠠ ᠶᠢᠨ ᠬᠠᠤᠯᠢ | ᠶᠣᠰᠣᠨ ᠤ ᠡᠷᠬᠡ ᠠᠰᠢᠭ ᠢ ᠡᠷᠬᠡ ᠲᠡᠭᠰᠢ ᠪᠠᠷ ᠬᠠᠮᠠᠭᠠᠯᠠᠨ᠎ᠠ᠃ ᠡᠯ᠎ᠡ ᠭᠠᠵᠠᠷ ᠤᠨ ᠬᠢᠨ ᠤ ᠰᠢᠯᠵᠢᠭᠦᠯᠦᠨ | ᠡᠷᠭᠢᠯᠳᠦᠭᠦᠯᠬᠦ ᠦᠨ᠎ᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ᠂ ᠪᠣᠳᠠᠲᠤ ᠶᠠᠭᠤᠮ᠎ᠠ ᠪᠠᠷ ᠲᠦᠷᠢᠶᠡᠰᠦ ᠪᠤᠳᠤᠬᠤ ᠵᠡᠷᠭᠡ | ᠠᠷᠭ᠎ᠠ ᠮᠠᠶ᠋ᠢᠭ ᠢᠶᠠᠷ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠢ ᠵᠦᠢ ᠵᠣᠬᠢᠰᠲᠠᠢ ᠬᠢᠷᠢ ᠲᠦᠪᠰᠢᠨ ᠳᠤ | ᠲᠣᠭᠲᠠᠪᠤᠷᠢᠵᠢᠭᠤᠯᠬᠤ ᠶᠢ ᠠᠬᠢᠭᠤᠯᠬᠤ ᠶᠢ ᠵᠣᠷᠢᠭᠵᠢᠭᠤᠯᠤᠨ᠎ᠠ᠂ ᠢᠩᠭᠢᠪᠡᠯ ᠰᠢᠯᠵᠢᠭᠦᠯᠦᠨ ᠡᠷᠭᠢᠯᠳᠦᠭᠦᠯᠬᠦ ᠵᠠᠷᠤᠳᠠᠯ | ᠬᠡᠳᠦ ᠳᠣᠣᠷ᠎ᠠ ᠪᠣᠯᠤᠭᠰᠠᠨ ᠠᠴᠠ ᠲᠠᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠠᠴᠠ ᠵᠠᠶᠢᠯᠠᠰᠬᠢᠵᠦ ᠪᠣᠯᠬᠤ | ᠮᠥᠷᠲᠡᠭᠡᠨ ᠪᠠᠰᠠ ᠰᠢᠯᠵᠢᠭᠦᠯᠦᠨ ᠡᠷᠭᠢᠯᠳᠦᠭᠦᠯᠬᠦ ᠵᠠᠷᠤᠳᠠᠯ ᠬᠡᠳᠦ ᠥᠨᠳᠥᠷ ᠪᠣᠯᠤᠭᠰᠠᠨ ᠠᠴᠠ ᠲᠠᠷᠢᠶᠠᠯᠠᠩ ᠤᠨ | ᠥᠷᠢᠰᠦᠯᠳᠦᠬᠦ ᠬᠦᠴᠦᠨ ᠢ ᠨᠥᠯᠥᠭᠡᠯᠡᠬᠦ ᠠᠴᠠ ᠰᠡᠷᠭᠡᠶᠢᠯᠡᠵᠦ ᠴᠢᠳᠠᠨ᠎ᠠ᠃ | ᠭᠤᠷᠪᠠ ᠳᠤ᠂ ᠵᠠᠰᠠᠭ ᠵᠠᠬᠢᠷᠭᠠᠨ ᠤ ᠠᠷᠭ᠎ᠠ ᠪᠠᠷᠢᠯ ᠳᠤ ᠲᠦᠰᠢᠭᠯᠡᠨ ᠭᠠᠵᠠᠷ ᠰᠢᠷᠣᠢ ᠶᠢ ᠠᠯᠪᠠᠳᠠᠯᠭ᠎ᠠ ᠪᠠᠷ | ᠰᠢᠯᠵᠢᠭᠦᠯᠦᠨ ᠡᠷᠭᠢᠯᠳᠦᠭᠦᠯᠬᠦ ᠠᠵᠢᠯᠯᠠᠭ᠎ᠠ ᠶᠢ ᠡᠷᠡᠰ ᠵᠠᠯᠠᠷᠠᠭᠤᠯᠤᠨ᠎ᠠ᠃ ᠳᠠᠭᠠᠭᠠᠴᠢᠯᠠᠯᠲᠠ ᠶᠢᠨ ᠭᠠᠵᠠᠷ ᠢ | ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠡᠰᠡᠬᠦ᠂ ᠦᠨ᠎ᠡ ᠬᠠᠩᠰᠢ ᠶᠢ ᠬᠡᠷᠬᠢᠨ ᠲᠣᠭᠲᠠᠭᠠᠬᠤ᠂ ᠬᠡᠯᠪᠡᠷᠢ ᠶᠢ | ᠬᠡᠷᠬᠢᠨ ᠰᠣᠩᠭᠤᠬᠤ ᠶᠢ ᠲᠣᠭᠲᠠᠭᠠᠬᠤ ᠡᠷᠬᠡ ᠨᠢ ᠴᠥᠮ ᠲᠠᠷᠢᠶᠠᠴᠢᠨ ᠡᠷᠦᠬᠡ᠂ ᠲᠠᠷᠢᠶᠠᠴᠢᠳ ᠤᠨ ᠬᠡᠯᠡᠭᠰᠡᠨ ᠢᠶᠠᠷ | ᠪᠣᠯᠭᠠᠨ᠎ᠠ᠂ ᠭᠦᠢᠴᠡᠳᠬᠡᠯ ᠲᠤᠭ᠎ᠠ ᠪᠠᠭᠤᠯᠭᠠᠬᠤ᠂ ᠡᠭᠦᠷᠭᠡ ᠲᠣᠭᠲᠠᠭᠠᠬᠤ ᠴᠢᠨᠠᠭᠰᠢᠯᠠᠪᠠᠯ ᠠᠯᠪᠠᠳᠠᠨ ᠵᠠᠷᠯᠢᠭᠳᠠᠵᠤ᠂ | ᠲᠠᠷᠢᠶᠠᠴᠢᠳ ᠢ ᠳᠠᠭᠠᠭᠠᠴᠢᠯᠠᠭᠰᠠᠨ ᠭᠠᠵᠠᠷ ᠰᠢᠷᠣᠢ ᠠᠴᠠ ᠨᠢ ᠠᠯᠪᠠᠳᠠᠯᠭ᠎ᠠ ᠪᠠᠷ ᠰᠢᠬᠠᠨ ᠭᠠᠷᠭᠠᠵᠤ ᠪᠣᠯᠬᠤ ᠦᠭᠡᠢ᠃ | ᠵᠠᠷᠢᠮ ᠭᠠᠵᠠᠷ ᠣᠷᠣᠨ ᠤ ᠭᠠᠵᠠᠷ ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠪᠠᠷ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠨᠥᠬᠦᠴᠡᠯ ᠪᠣᠯᠭᠠᠵᠤ᠂ ᠰᠢᠯᠵᠢᠭᠦᠯᠦᠨ | ᠡᠷᠭᠢᠯᠳᠦᠭᠦᠯᠬᠦ ᠳᠤ ᠣᠷᠣᠭᠤᠯᠬᠤ ᠲᠠᠯᠠᠪᠠᠶ᠂ ᠰᠢᠯᠵᠢᠭᠦᠯᠦᠨ ᠡᠷᠭᠢᠯᠳᠦᠭᠦᠯᠬᠦ ᠬᠠᠷᠢᠴᠠᠯ ᠢ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠡᠰᠡᠬᠦᠯ᠎ᠡ ᠲᠥᠷᠥ ᠶᠢᠨ ᠪᠣᠳᠣᠯᠭ᠎ᠠ ᠶᠢᠨ ᠱᠠᠩᠨᠠᠯ ᠳᠤ ᠣᠷᠣᠭᠤᠯᠵᠤ᠂ ᠭᠠᠵᠠᠷ | ᠰᠢᠷᠣᠢ ᠶᠢ ᠰᠢᠯᠵᠢᠭᠦᠯᠦᠨ ᠡᠷᠭᠢᠯᠳᠦᠭᠦᠯᠬᠦ ᠳᠤ ᠣᠷᠣᠭᠤᠯᠬᠤ ᠨᠣᠷᠮ᠎ᠠ ᠶᠢ ᠲᠥᠯᠦᠪᠵᠢᠭᠦᠯᠭᠡ ᠶᠢᠨ ᠭᠦᠢᠴᠡᠳᠬᠡᠯ | ᠲᠤᠭ᠎ᠠ ᠪᠤᠶᠤ ᠲᠥᠷᠥᠯ ᠵᠦᠢᠯ ᠢ ᠮᠡᠳᠡᠭᠦᠯᠬᠦ ᠨᠥᠬᠦᠴᠡᠯ ᠪᠣᠯᠭᠠᠬᠤ ᠵᠡᠷᠭᠡ ᠵᠣᠬᠢᠰ ᠦᠭᠡᠢ ᠪᠠ ᠪᠤᠷᠤᠭᠤ ᠠᠷᠭ᠎ᠠ | ᠬᠢᠳᠡᠯ ᠢ ᠴᠠᠭ ᠲᠤᠬᠠᠢ ᠳᠤ ᠨᠢ ᠵᠠᠯᠠᠷᠠᠭᠤᠯᠬᠤ ᠬᠡᠷᠡᠭᠲᠡᠢ᠃ | |