ᠬᠤᠰᠢᠭᠤ ᠤᠯᠠᠭᠠᠨᠮᠥ᠋ᠴᠢᠷ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠲᠡᠷᠢᠭᠦᠨ ᠳᠤ ᠲᠠᠯᠪᠢᠵᠤ ︽ᠵᠢᠷᠭᠤᠭᠠᠨ ᠠᠵᠢᠯᠯᠠᠭ᠎ᠠ︾ ᠶᠢ ᠰᠠᠶᠢᠲᠤᠷ ᠠᠳᠬᠤᠵᠤ ᠤᠮᠠᠷᠠᠲᠤ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/3/20
   ᠣᠶᠢᠷ᠎ᠠ ᠳᠤ᠂ ᠬᠤᠰᠢᠭᠤ ᠤᠯᠠᠭᠠᠨᠮᠥ᠋ᠴᠢᠷ ᠤᠨ 2025 ᠣᠨ ᠤ ᠬᠠᠪᠤᠷ ᠤᠨ ᠪᠣᠯᠪᠠᠰᠤᠷᠠᠯ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠳᠤ ᠶᠠᠪᠤᠭᠳᠠᠪᠠ᠃    ᠲᠣᠰ ᠤᠳᠠᠭᠠᠨ ᠤ ᠬᠠᠪᠤᠷ ᠤᠨ ᠤᠯᠠᠷᠢᠯ ᠤᠨ ᠪᠤᠯᠪᠠᠰᠤᠷᠠᠯ ᠨᠢ 15 ᠡᠳᠦᠷ ᠤᠨ ᠬᠤᠭᠤᠴᠠᠭ᠎ᠠ ᠲᠠᠢ ᠶᠠᠪᠤᠭᠲᠠᠵᠤ᠂ ᠪᠥᠵᠢᠭ ᠤᠨ ᠪᠤᠯᠪᠰᠤᠷᠠᠯ ᠨᠢ 30 ᠡᠳᠦᠷ ᠤᠨ ᠬᠤᠭᠤᠴᠠᠭ᠎ᠠ ᠲᠠᠢ ᠶᠠᠪᠤᠭᠲᠠᠬᠤ ᠪᠠᠷ ᠪᠠᠶᠢᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠶᠢᠨ ᠬᠠᠶ 金海᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠤᠯᠠᠭᠠᠨᠮᠥ᠋ᠴᠢᠷ ᠤᠨ ᠵᠢᠷᠭᠠᠯ᠂ ᠰᠢᠯᠢ ᠶᠢᠨ ᠭᠤᠤᠯ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠩᠭᠤᠯ ᠬᠡᠯᠡᠨ ᠤ ᠰᠣᠶᠣᠯ ᠬᠢᠭᠡᠳ ᠤᠷᠠᠯᠢᠭ ᠤᠨ ᠳᠡᠭᠡᠳᠦ ᠰᠤᠷᠭᠠᠭᠤᠯᠢ ᠶᠢᠨ ᠪᠠᠶᠠᠨᠨᠠᠮᠤᠷ ᠪᠠᠭᠰᠢ ᠶᠢ ᠤᠷᠢᠵᠤ᠂ ᠳᠠᠭᠤᠯᠠᠯ ᠪᠠ ᠳᠠᠭᠤᠨ᠂ ᠪᠥᠵᠢᠭ ᠤᠨ ᠦᠨᠳᠦᠰᠦᠨ ᠪᠣᠯᠪᠠᠰᠤᠷᠠᠯ᠂ ᠮᠣᠩᠭᠤᠯ ᠪᠥᠵᠢᠭ᠂ ᠠᠷᠠᠳ ᠤᠨ ᠪᠥᠵᠢᠭ᠂ ᠬᠥᠭᠵᠢᠮ ᠤᠨ ᠠᠩᠭᠢ ᠶᠢᠨ ᠬᠥᠭᠵᠢᠮ ᠲᠣᠬᠢᠷᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠮᠡᠷᠭᠡᠵᠢᠯ ᠤᠨ ᠵᠢᠯᠣᠭᠤᠳᠣᠯᠭ᠎ᠠ ᠪᠠ ᠪᠣᠯᠪᠠᠰᠤᠷᠠᠯ ᠬᠦᠷᠲᠡᠭᠡᠪᠡ᠃    ᠪᠥᠵᠢᠭ ᠤᠨ ᠪᠠᠭᠰᠢ ᠶᠢᠨ ᠨᠢᠮᠪᠠᠢ ᠵᠢᠯᠣᠭᠤᠳᠣᠯᠭ᠎ᠠ ᠳᠣᠤᠷ᠎ᠠ ᠦᠨᠳᠦᠰᠦᠨ ᠪᠣᠯᠪᠠᠰᠤᠷᠠᠯ ᠢ ᠨᠠᠷᠢᠨ ᠬᠢᠨᠠᠮᠠᠭᠠᠶ ᠪᠣᠯᠪᠠᠰᠤᠷᠠᠭᠤᠯᠵᠤ᠂ ᠬᠥᠯ᠂ ᠨᠢᠷᠤᠭᠤ ᠪᠠᠨ ᠳᠠᠷᠤᠬᠤ᠂ ᠬᠥᠯ ᠢᠶᠠᠨ ᠬᠥᠲᠡᠯᠭᠡᠬᠦ ᠵᠡᠷᠭᠡ ᠬᠥᠳᠡᠯᠭᠡᠭᠡᠨ ᠨᠢᠭᠡᠪᠦᠷᠢ ᠶᠢᠨ ᠪᠠᠷᠢᠮᠵᠢᠶ᠎ᠠ ᠶᠢ ᠪᠤᠲᠠᠲᠠᠶᠢᠵᠢᠭᠤᠯᠤᠨ᠂ ᠬᠥᠭᠵᠢᠮ ᠤᠨ ᠪᠠᠭᠰᠢ ᠠᠴᠠ ᠬᠡᠷᠬᠢᠨ ᠲᠣᠭᠯᠠᠯᠲᠠ ᠶᠢᠨ ᠳᠤᠮᠳᠠ ᠬᠥᠭᠵᠢᠮ ᠪᠠ ᠳᠠᠭᠤᠤ ᠬᠥᠭᠵᠢᠮ ᠤᠨ ᠬᠠᠶᠢᠷ᠎ᠠ ᠰᠡᠳᠬᠢᠯᠭᠡ ᠶᠢ ᠪᠦᠷᠢᠨ ᠲᠡᠭᠦᠯᠳᠡᠷ ᠠᠭᠤᠰᠤᠯᠴᠠᠭᠤᠯᠵᠤ᠂ ᠲᠠᠶᠢᠰᠠᠨ ᠤ ᠲᠤᠷᠰᠢᠯᠭ᠎ᠠ ᠶᠢᠨ ᠮᠡᠳᠡᠯᠭᠡ ᠶᠢ ᠬᠤᠪᠢᠶᠠᠯᠴᠠᠨ᠂ ᠲᠠᠭᠤᠯᠤᠬᠠᠢ ᠶᠢᠨ ᠲᠣᠭᠯᠠᠯᠲᠠ ᠶᠢᠨ ᠲᠠᠯ᠎ᠠ ᠪᠠᠷ ᠴᠣ ᠰᠢᠨ᠎ᠡ ᠲᠠᠨᠢᠯᠲᠠ ᠪᠠ ᠰᠢᠪᠲᠤᠯᠤᠯᠲᠠ ᠶᠢᠨ ᠴᠢᠭᠯᠡᠯ ᠲᠠᠢ ᠪᠣᠯᠭᠠᠭᠰᠠᠨ ᠪᠠᠶᠢᠨ᠎ᠠ᠃    ᠬᠤᠰᠢᠭᠤ ᠤᠯᠠᠭᠠᠨᠮᠥ᠋ᠴᠢᠷ ᠦᠷᠭᠦᠯᠵᠢᠯᠡᠨ ᠭᠠᠵᠠᠷ ᠣᠷᠣᠨ ᠤ ᠣᠨᠴᠠᠯᠢᠭ᠂ ᠲᠡᠦᠬᠡ ᠰᠣᠶᠣᠯ᠂ ᠰᠣᠶᠣᠯ ᠢᠷᠭᠡᠨᠰᠢᠯ ᠤᠨ ᠵᠠᠩ ᠦᠢᠯᠡ ᠶᠢᠨ ᠲᠣᠭᠤᠷᠢᠨ ᠳᠤ ᠤᠯᠠᠨ ᠲᠦᠮᠡᠨ ᠲᠠᠢ ᠤᠢᠢᠷᠠᠳᠤᠭᠰᠠᠨ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠭᠰᠠᠨ ᠰᠢᠯᠢᠳᠡᠭ ᠪᠦᠲᠦᠭᠡᠯᠴᠢ ᠤᠳᠬ᠎ᠠ ᠤᠷᠠᠯᠢᠭ ᠤᠨ ᠪᠦᠲᠦᠭᠡᠯ ᠢ ᠨᠡᠩ ᠤᠯᠠᠨ ᠵᠣᠬᠢᠶᠠᠨ ᠪᠦᠲᠦᠭᠡᠵᠦ᠂ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠳᠤ ᠤᠳᠬ᠎ᠠ ᠤᠷᠠᠯᠢᠭ ᠤᠨ ᠬᠦᠴᠦᠨ ᠴᠢᠳᠠᠯ ᠵᠶᠠᠨ ᠡᠷᠭᠦᠬᠦ ᠪᠠᠷ ᠪᠠᠶᠢᠨ᠎ᠠ᠃  
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号