ᠤᠶᠢᠷ᠎ᠠ ᠶᠢᠨ ᠵᠢᠯ᠂ ᠮᠠᠨ ᠤ ᠬᠤᠰᠢᠭᠤ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠢ ᠬᠠᠮᠠᠭᠠᠯᠠᠨ | ᠰᠡᠷᠭᠦᠭᠡᠬᠦ ᠢᠨᠵᠧᠨᠧᠷᠢᠩ ᠤᠨ ᠲᠥᠷᠥᠯ ᠵᠦᠢᠯ ᠢ ᠰᠠᠶᠢᠳᠤᠷ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠶᠠᠨᠳᠠᠭᠠᠨ | ᠰᠡᠷᠭᠦᠭᠡᠬᠦ ᠶᠢ ᠠᠬᠢᠭᠤᠯᠤᠨ᠂ ᠲᠥᠷᠥᠯ ᠵᠦᠢᠯ ᠢ ᠨᠢᠭᠡᠳᠦᠯᠲᠡᠢ ᠲᠥᠯᠥᠪᠯᠡᠬᠦ ᠶᠡᠷᠤᠩᠬᠡᠶᠢᠯᠠᠨ ᠵᠠᠰᠠᠬᠤ ᠠᠷᠭ᠎ᠠ | ᠪᠣᠳᠣᠯᠭ᠎ᠠ ᠬᠡᠷᠡᠭᠵᠢᠭᠦᠯᠬᠦ᠂ ᠭᠤᠣᠯᠳᠠᠯᠭ᠎ᠠ ᠲᠠᠢ ᠵᠠᠰᠠᠬᠤ ᠪᠠᠷ ᠳᠠᠮᠵᠢᠭᠤᠯᠤᠨ ᠡᠯᠡᠰᠦᠷᠬᠡᠭᠵᠢᠭᠰᠡᠨ ᠭᠠᠵᠠᠷ ᠣᠷᠣᠨ ᠤ | ᠠᠮᠢ ᠠᠬᠤᠢ ᠶᠢᠨ ᠪᠠᠶᠢᠲᠠᠯ ᠢ ᠢᠯᠡᠳᠲᠡ ᠰᠠᠶᠢᠵᠢᠷᠠᠭᠤᠯᠤᠭᠰᠠᠨ ᠪᠠᠶᠢᠨ᠎ᠠ᠃ | ᠡᠨᠡ ᠬᠡᠳᠦᠨ ᠡᠳᠦᠷ᠂ 地信 ᠳ᠋ᠢ ᠰᠢᠨ ᠲᠣᠭᠠᠴᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠵᠢᠷᠤᠭ ᠲᠥᠯᠥᠪᠯᠡᠭᠡ ᠶᠢᠨ ᠪᠦᠯᠬᠦᠮ ᠮᠠᠨ ᠤ ᠬᠤᠰᠢᠭᠤᠨ ᠤ ᠪᠠᠶᠠᠨᠨᠠᠭᠤᠷ | ᠪᠠᠯᠭᠠᠰᠤᠨ ᠤ ᠴᠠᠭᠠᠨᠪᠤᠯᠠᠭ ᠭᠠᠴᠠᠭ᠎ᠠ ᠳᠤ ᠬᠠᠶᠢᠨ ᠪᠠᠶᠢᠴᠠᠭᠠᠯᠲᠠ ᠬᠢᠵᠦ᠂ GPS ᠲᠥᠬᠦᠭᠡᠷᠦᠮᠵᠢ ᠪᠠᠷ ᠡᠯᠡᠰᠦᠷᠬᠡᠭ | ᠭᠠᠵᠠᠷ ᠢ ᠡᠬᠢᠯᠡᠨ ᠬᠡᠮᠵᠢᠵᠦ᠂ ᠵᠠᠩᠭᠢᠯᠠᠭ᠎ᠠ ᠶᠢᠨ ᠴᠡᠭ ᠨᠢᠭᠡᠪᠦᠷᠢ ᠶᠢᠨ ᠪᠠᠶᠢᠷᠰᠢᠯ ᠤᠨ ᠲᠤᠭ᠎ᠠ ᠪᠠᠷᠢᠮᠲᠠ ᠶᠢ | ᠣᠨᠣᠪᠴᠢᠲᠠᠶ ᠲᠡᠮᠳᠡᠭᠯᠡᠵᠦ᠂ ᠲᠣᠰ ᠣᠷᠣᠨ ᠤ ᠡᠯᠡᠰᠦᠷᠬᠡᠭᠵᠢᠭᠰᠡᠨ ᠪᠠᠶᠢᠳᠠᠯ ᠢ ᠨᠠᠩ ᠭᠦᠨᠵᠡᠭᠡᠶ ᠣᠶᠢᠯᠠᠭᠠᠬᠤ ᠳᠤ | ᠲᠥᠬᠦᠮ ᠪᠣᠯᠭᠠᠵᠤ᠂ ᠲᠠᠷᠠᠭᠠᠴᠢ ᠶᠢᠨ ᠲᠥᠯᠥᠪᠵᠢᠭᠦᠯᠭᠡ᠂ ᠵᠢᠷᠤᠭ ᠲᠥᠯᠥᠪᠯᠡᠭᠡ ᠳᠤ ᠨᠠᠷᠢᠨ ᠪᠣᠳᠠᠲᠠᠶ ᠰᠠᠭᠤᠷᠢ | ᠮᠠᠲ᠋ᠧᠷᠢᠶᠠᠯ ᠢ ᠬᠠᠩᠭᠠᠪᠠ᠃ | 2024 ᠣᠨ ᠳᠤ᠂ ᠪᠠᠶᠠᠨᠨᠠᠭᠤᠷ ᠪᠠᠯᠭᠠᠰᠤᠨ ᠤ ᠴᠠᠭᠠᠨᠪᠤᠯᠠᠭ ᠭᠠᠴᠠᠭ᠎ᠠ ᠳᠤ 6.85 ᠲᠦᠮᠡᠨ ᠮᠥ ᠡᠯᠡᠰᠦᠷᠬᠡᠭ | ᠭᠠᠵᠠᠷ ᠢ ᠵᠠᠰᠠᠵᠤ᠂ ᠡᠭᠦᠨ ᠳᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠬᠡᠷᠡᠯ ᠴᠡᠨᠡᠭ ᠤᠨ | ᠨᠢᠭᠡ ᠴᠣᠭᠴᠠᠵᠢᠭᠰᠠᠨ ᠲᠥᠷᠥᠯ ᠵᠦᠢᠯ 6.8 ᠲᠦᠮᠡᠨ ᠮᠥ᠂ ᠵᠡᠭᠦᠨ ᠬᠡᠰᠡᠭ ᠤᠨ ᠨᠤᠲᠤᠭ ᠪᠡᠯᠴᠢᠭᠡᠷ ᠡᠯᠡᠰᠦᠷᠬᠡᠭ | ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ 0.05 ᠲᠦᠮᠡᠨ ᠮᠥ ᠪᠠᠶᠢᠨ᠎ᠠ᠃ ᠲᠥᠷᠥᠯ ᠵᠦᠢᠯ ᠢ | ᠮᠠᠯᠴᠢᠳ ᠤᠨ ᠬᠤᠷᠰᠢᠶᠠᠵᠢᠯ ᠢᠶᠠᠷ ᠬᠡᠷᠡᠭᠵᠢᠭᠦᠯᠬᠦ ᠪᠠᠷ ᠭᠤᠤᠯ ᠴᠣᠭᠴᠠ ᠪᠣᠯᠭᠠᠵᠤ᠂ ᠬᠦᠷᠢᠶᠡᠯᠡᠨ ᠪᠢᠲᠡᠭᠦᠮᠵᠢᠯᠡᠬᠦ᠂ | ᠪᠣᠷᠳᠣᠭᠤᠷ ᠣᠷᠣᠭᠤᠯᠬᠤ᠂ ᠡᠯᠡᠰᠦ ᠶᠢ ᠵᠠᠰᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠠᠵᠢᠯ ᠢ ᠥᠷᠨᠢᠭᠦᠯᠪᠡ᠃ | ᠮᠠᠨ ᠤ ᠬᠤᠰᠢᠭᠤᠨ ᠤ ᠬᠢᠯᠢ ᠳᠣᠲᠣᠷᠠᠬᠢ ᠬᠤᠯᠠᠨ ᠰᠢᠷᠭ᠎ᠠ ᠲᠠᠭ᠎ᠠ ᠶᠢᠨ ᠮᠠᠩᠬᠠᠨ ᠭᠠᠵᠠᠷ ᠤᠨ ᠲᠠᠯᠠᠪᠠᠶ 861. | 6 ᠲᠦᠮᠡᠨ ᠮᠥ ᠪᠠᠶᠢᠵᠤ᠂ ᠪᠥᠬᠦ ᠠᠶᠢᠮᠠᠭ ᠤᠨ 16.28% ᠶᠢ ᠡᠵᠡᠯᠡᠪᠡ᠃ 2000 ᠣᠨ ᠳᠤ ᠠᠮᠢ ᠠᠬᠤᠶ ᠶᠢ | ᠰᠡᠷᠭᠦᠭᠡᠨ ᠵᠠᠰᠠᠬᠤ ᠲᠥᠷᠥᠯ ᠵᠦᠢᠯ ᠢ ᠡᠬᠢᠯᠡᠨ ᠬᠡᠷᠡᠭᠵᠢᠭᠦᠯᠦᠭᠰᠡᠨ ᠠᠴᠠ ᠨᠠᠰᠢ᠂ ᠨᠡᠶᠢᠲᠡ 399.37 ᠲᠦᠮᠡᠨ | ᠮᠥ ᠳᠤ ᠬᠦᠷᠴᠦ᠂ ᠪᠥᠬᠦ ᠬᠤᠰᠢᠭᠤᠨ ᠤ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠶᠢᠨ 13.18% ᠶᠢ | ᠡᠵᠡᠯᠡᠵᠦ᠂ ᠨᠡᠶᠢᠲᠡ 76 ᠵᠠᠰᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠪᠠᠷᠤᠭ 6.19 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠪᠠ᠃ 2025 ᠣᠨ ᠳᠤ᠂ ᠮᠠᠨ ᠤ ᠬᠤᠰᠢᠭᠤ ᠨᠢ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠶᠡᠷᠦᠩᠬᠡᠶ ᠲᠠᠯᠠᠪᠠᠢ ᠶᠢᠨ ᠡᠭᠦᠷᠭᠡ 93 ᠲᠦᠮᠡᠨ ᠮᠥ ᠪᠠᠶᠢᠵᠤ᠂ ᠡᠯᠡᠰᠦᠷᠬᠡᠭ ᠭᠠᠵᠠᠷ ᠢ ᠵᠠᠰᠠᠬᠤ | ᠲᠡᠶᠢᠨ ᠤ ᠢᠯᠠᠯᠲᠠ ᠶᠢ ᠤᠯᠬᠤ ᠶᠢᠨ ᠲᠥᠯᠥᠭᠡ᠂ ︽1 +3 +N︾ ᠪᠠᠶᠢᠯᠳᠤᠬᠤ ᠰᠡᠳᠬᠢᠮᠵᠢ ᠶᠢ ᠰᠤᠳᠤᠯᠤᠨ | ᠳᠤᠷᠠᠳᠴᠤ᠂ ︽ᠨᠢᠭᠡ ᠪᠦᠰᠡ ᠭᠤᠷᠪᠠᠨ ᠣᠷᠣᠨ︾ ᠵᠢᠴᠢ ᠪᠤᠰᠤᠳ ᠭᠤᠤᠯᠳᠠᠯᠭ᠎ᠠ ᠲᠠᠢ ᠨᠥᠬᠦᠪᠥᠷᠢᠯᠡᠵᠦ ᠵᠠᠰᠠᠬᠤ | ᠴᠢᠬᠤᠯᠠᠲᠠᠶ ᠣᠷᠣᠨ ᠪᠦᠰᠡ ᠶᠢ ᠳᠡᠭᠡᠳᠦ ᠬᠡᠮᠵᠢᠶ᠎ᠡ ᠪᠠᠷ ᠠᠩᠬᠠᠷᠴᠤ᠂ ᠬᠤᠶᠢᠲᠤ ᠬᠡᠰᠡᠭ ᠤᠨ ᠨᠤᠲᠤᠭ ᠪᠡᠯᠴᠢᠭᠡᠷ ᠢ | ᠬᠠᠮᠠᠭᠠᠯᠠᠨ ᠰᠡᠷᠭᠦᠭᠡᠬᠦ ᠪᠦᠰᠡ ᠶᠢᠨ ᠢᠨᠵᠧᠨᠧᠷᠢᠩ ᠤᠨ ᠲᠥᠷᠥᠯ ᠵᠦᠢᠯ ᠪᠠ ᠪᠠᠷᠠᠭᠤᠨ ᠬᠤᠶᠢᠲᠤ ᠶᠢᠨ ᠬᠦᠨᠳᠦ | ᠡᠯᠡᠰᠦᠷᠬᠡᠭᠵᠢᠭᠰᠡᠨ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ᠂ ᠳᠤᠮᠳᠠ ᠬᠡᠰᠡᠭ ᠤᠨ ᠬᠠᠭᠠᠰ ᠲᠣᠭᠲᠠᠮᠠᠯ ᠡᠯᠡᠰᠦᠷᠬᠡᠭ | ᠭᠠᠵᠠᠷ ᠢ ᠰᠡᠷᠭᠦᠭᠡᠨ ᠵᠠᠰᠠᠬᠤ ᠣᠷᠣᠨ ᠪᠠ ᠡᠯᠡᠰᠦᠨ ᠴᠥᠯ ᠤᠨ ᠲᠠᠯ᠎ᠠ ᠨᠤᠲᠤᠭ ᠤᠨ ᠬᠠᠭᠠᠰ ᠲᠣᠭᠲᠠᠮᠠᠯ ᠡᠯᠡᠰᠦᠷᠬᠡᠭ | ᠭᠠᠵᠠᠷ ᠤᠨ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠵᠠᠰᠠᠯᠲᠠ ᠶᠢᠨ ᠣᠷᠣᠨ ᠵᠡᠷᠭᠡ ᠲᠥᠷᠥᠯ ᠵᠦᠢᠯ ᠢ ᠰᠠᠶᠢᠲᠤᠷ | ᠬᠡᠷᠡᠭᠵᠢᠭᠦᠯᠬᠦ ᠪᠠᠷ ᠪᠠᠶᠢᠨ᠎ᠠ᠃ |