3 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ | ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠬᠠᠮᠲᠤᠷᠠᠨ ᠨᠡᠶᠢᠭᠡᠮ ᠤᠨ ᠠᠵᠢᠯᠲᠠᠨ ᠤ ᠨᠠᠮ ᠤᠨ | ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠵᠢᠴᠢ 2025 ᠣᠨ ᠤ ᠪᠥᠬᠦ ᠤᠯᠤᠰ ᠤᠨ ᠨᠡᠶᠢᠭᠡᠮ ᠤᠨ ᠠᠵᠢᠯᠲᠠᠨ ᠤ ᠠᠵᠢᠯ ᠮᠡᠷᠭᠡᠵᠢᠯ ᠤᠨ | ᠬᠢᠷᠢ ᠬᠡᠮ ᠤᠨ ᠰᠢᠯᠭᠠᠯᠲᠠ ᠶᠢᠨ ᠪᠣᠯᠪᠠᠰᠤᠷᠠᠯ ᠢ ᠡᠷᠬᠢᠯᠡᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠢᠶᠠ ᡁᠢ ᠭᠠᠩ ᠰᠤᠷᠤᠯᠭ᠎ᠠ ᠡᠬᠢᠯᠡᠬᠦ | ᠶᠣᠰᠣᠯᠠᠯ ᠳᠤ ᠣᠷᠣᠯᠴᠠᠪᠠ᠃ | ᠪᠣᠯᠪᠠᠰᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠳᠡᠭᠡᠳᠦ ᠰᠤᠷᠭᠠᠭᠤᠯᠢ ᠶᠢᠨ | ᠯᠧᠺᠲ᠋ᠣᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠲᠥᠷᠥ ᠶᠢᠨ ᠪᠣᠳᠣᠯᠭ᠎ᠠ | ᠰᠤᠳᠤᠯᠬᠤ ᠭᠠᠵᠠᠷ ᠤᠨ ᠲᠤᠰᠠᠯᠠᠬᠤ ᠰᠤᠳᠤᠯᠤᠭᠴᠢ ᠱᠢ ᠵᠧᠨ 石震 ᠢ ᠤᠷᠢᠵᠤ᠂ ︽ᠣᠨᠣᠯ ᠲᠠᠶᠢᠯᠪᠥᠷᠢᠯᠠᠬᠤ | + ᠦᠨᠡᠨ ᠬᠡᠷᠡᠭ ᠢᠶᠠᠷ ᠵᠠᠳᠠᠯᠬᠤ + ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ︾ ᠵᠡᠷᠭᠡ ᠣᠯᠠᠨ ᠡᠰᠢᠲᠦ | ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠨ᠂ ᠠᠩᠬᠠᠨ ᠤ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠬᠢᠷᠢ | ᠬᠡᠮ ᠤᠨ ᠰᠢᠯᠭᠠᠯᠲᠠ ᠶᠢᠨ ᠬᠥᠲᠥᠯᠪᠦᠷᠢ ᠶᠣᠰᠣᠭᠠᠷ ᠬᠢᠴᠢᠶᠡᠯᠯᠡᠵᠤ᠂ ᠨᠡᠶᠢᠭᠡᠮ ᠤᠨ ᠠᠵᠢᠯ ᠤᠨ ᠣᠨᠣᠯ ᠤᠨ | ᠰᠢᠰᠲ᠋ᠧᠮ᠂ ᠪᠣᠳᠠᠲᠤ ᠶᠠᠪᠤᠳᠠᠯ ᠤᠨ ᠠᠵᠢᠯᠯᠠᠭᠠᠨ ᠤ ᠵᠢᠷᠤᠮᠵᠢᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠲᠠᠶᠢᠯᠤᠮᠵᠢ ᠬᠢᠬᠦ ᠠᠭᠤᠯᠭ᠎ᠠ ᠶᠢᠨ ᠲᠣᠭᠤᠷᠢᠨ ᠳᠤ ᠬᠢᠴᠢᠶᠡᠯ ᠣᠷᠣᠵᠤ᠂ ᠲᠤᠰᠬᠠᠶ ᠮᠡᠷᠭᠡᠵᠢᠯ ᠤᠨ ᠣᠨᠣᠯ ᠤᠨ | ᠭᠤᠤᠯᠯᠠᠬᠤ ᠮᠡᠳᠡᠯᠭᠡ ᠶᠢᠨ ᠴᠡᠭ ᠢ ᠰᠢᠰᠲ᠋ᠧᠮ ᠲᠠᠢ ᠲᠠᠶᠢᠯᠪᠤᠷᠢᠯᠠᠵᠤ᠂ ᠰᠢᠯᠭᠠᠯᠲᠠ ᠳᠤ ᠨᠡᠷ᠎ᠡ ᠮᠡᠳᠡᠭᠦᠯᠦᠭᠰᠡᠨ | ᠬᠥᠮᠦᠰ ᠲᠤ ᠬᠠᠪᠰᠤᠷᠤᠨ ᠰᠢᠯᠭᠠᠯᠲᠠ ᠶᠢᠨ ᠭᠤᠤᠯᠳᠠᠯᠭ᠎ᠠ᠂ ᠰᠡᠳᠦᠪ ᠭᠠᠷᠭᠠᠬᠤ ᠵᠢᠮ᠎ᠡ ᠶᠣᠰᠣ ᠶᠢ ᠤᠶᠢᠯᠭᠠᠬᠤ ᠳᠤ | ᠬᠡᠷᠡᠭᠯᠡᠬᠦ᠂ ᠰᠢᠯᠭᠠᠯᠲᠠ ᠳᠤ ᠪᠡᠯᠡᠳᠬᠡᠬᠦ ᠠᠷᠭ᠎ᠠ ᠶᠢ ᠪᠦᠲᠦᠮᠵᠢᠲᠡᠶ ᠳᠡᠭᠡᠭᠰᠢᠯᠡᠭᠦᠯᠪᠡ᠃ | ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠸᠠᠩ ᠽᠢ ᠵᠢᠩ 王紫荆 ᠠᠴᠠ | ︽ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠵᠤ᠂ ᠰᠢᠨ᠎ᠡ ᠠᠶᠠᠨ ᠵᠠᠮ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ | ᠬᠠᠭᠤᠳᠠᠰᠤ ᠶᠢ ᠪᠢᠴᠢᠭᠯᠡᠶ᠎ᠡ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠪᠠ᠃ | ᠪᠣᠯᠪᠠᠰᠤᠷᠠᠯ ᠠᠴᠠ ᠱᠠᠭᠠᠷᠳᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ | ᠴᠠᠭ ᠦᠶ᠎ᠡ ᠶᠢᠨ ᠨᠠᠮ ᠤᠨ ᠨᠡᠶᠢᠭᠡᠮ ᠤᠨ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠪᠣᠯᠤᠨ ᠡᠭᠦᠷᠭᠡ | ᠬᠠᠷᠢᠭᠤᠴᠠᠯᠭ᠎ᠠ ᠶᠢ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠦᠨᠳᠦᠰᠦᠨ | ᠣᠨᠴᠠᠯᠢᠭ ᠢ ᠰᠠᠶᠢᠲᠤᠷ ᠡᠵᠡᠮᠳᠡᠵᠦ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ | ᠳᠡᠭᠡᠭᠰᠢᠯᠡᠯᠲᠡ ᠶᠢ ᠲᠠᠶᠢᠴᠢᠯᠠᠵᠤ᠂ ᠵᠣᠷᠢᠭ ᠰᠠᠨᠠᠭᠠᠨ ᠤ ᠮᠥᠨ ᠴᠢᠨᠠᠷ ᠢ ᠣᠶᠢᠯᠠᠭᠠᠵᠤ᠂ ᠨᠡᠶᠢᠭᠡᠮ ᠤᠨ ᠠᠵᠢᠯ ᠤᠨ | ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠦ᠂ ᠨᠡᠶᠢᠭᠡᠮ ᠤᠨ ᠠᠵᠢᠯᠳᠠᠨ ᠤ ᠡᠩᠨᠡᠭᠡᠨ ᠤ ᠪᠠᠶᠢᠭᠤᠯᠤᠯᠲᠠ ᠪᠣᠯᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠶᠢ | ᠲᠤᠪᠤᠶᠢᠯᠭᠠᠵᠦ᠂ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠨᠡᠶᠢᠭᠡᠮ ᠤᠨ ᠠᠵᠢᠯ ᠤᠨ ᠬᠦᠷᠢᠶᠡᠨ ᠳᠤ ᠦᠨᠳᠦᠰᠦᠯᠡᠬᠦ ᠶᠢ | ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠪᠣᠯᠪᠠᠰᠤᠷᠠᠯ ᠡᠷᠬᠢᠯᠡᠬᠦ᠂ | ᠰᠢᠯᠢᠨ ᠰᠣᠩᠭᠤᠬᠤ᠂ ᠤᠷᠮᠠᠰᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠠᠵᠢᠯ ᠤᠨ | ᠴᠢᠳᠠᠪᠤᠷᠢᠲᠠᠨ ᠤ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ | ᠰᠥᠨᠢᠳ ᠵᠡᠭᠦᠨ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ | ᠪᠠ ᠬᠦᠴᠦᠨ ᠴᠢᠳᠠᠯ ᠢᠶᠠᠨ ᠡᠷᠭᠦᠭᠦ ᠬᠡᠷᠡᠭᠲᠠᠢ ᠭᠡᠪᠡ᠃ |