ᠮᠠᠨ ᠤ ᠬᠤᠰᠢᠭᠤ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ
ᠨᠡᠶᠢᠲᠡᠯᠡᠭᠰᠡᠨ ᠴᠠᠭ᠄
2025/3/26
   ᠣᠶᠢᠷ᠎ᠠ ᠶᠢᠨ ᠵᠢᠯ ᠳᠤ᠂ ᠰᠥᠨᠢᠳ ᠵᠡᠭᠦᠨ ᠬᠤᠰᠢᠭᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠪᠠᠷ ᠭᠠᠷᠳᠠᠴᠠ ᠪᠣᠯᠭᠠᠨ᠂ ᠨᠡᠶᠢᠭᠡᠮ ᠤᠨ ᠵᠠᠰᠠᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠢᠷ ᠠᠰᠠᠭᠤᠳᠠᠯ ᠢ ᠰᠶᠢᠳᠪᠦᠷᠢᠯᠡᠵᠦ᠂ ᠡᠶ᠎ᠡ ᠵᠣᠬᠢᠴᠠᠯ ᠲᠠᠢ᠂ ᠰᠠᠶᠢᠨ ᠰᠠᠶᠢᠬᠠᠨ᠂ ᠪᠣᠯᠪᠠᠰᠤᠨ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠪᠠ᠃ ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠨᠢ ᠣᠯᠠᠨ ᠲᠦᠮᠡᠨ ᠤ ᠠᠩᠬᠠᠷᠤᠨ ᠬᠠᠯᠠᠮᠵᠢᠯᠠᠵᠦ ᠪᠠᠶᠢᠭ᠎ᠠ ᠠᠷᠠᠳ ᠤᠨ ᠠᠮᠢᠳᠤᠷᠠᠯ ᠤᠨ ︽ᠵᠢᠵᠢᠭ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠡᠶᠢᠭᠡᠮᠴᠢᠯᠡᠬᠦ᠂ ᠳᠦᠷᠢᠮᠵᠢᠭᠦᠯᠬᠦ᠂ ᠪᠠᠶᠢᠩᠭᠤᠵᠢᠭᠤᠯᠬᠤ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠦᠲᠦᠭᠡᠯᠴᠢ ᠪᠠᠷ ᠥᠷᠨᠢᠭᠦᠯᠵᠦ᠂ ᠬᠦᠴᠦᠨ ᠢᠶᠠᠨ ᠲᠥᠪᠯᠡᠷᠡᠭᠦᠯᠦᠨ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠥᠬᠦ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠪᠠ᠃    ᠰᠠᠶᠢᠨ ᠳᠤᠷ᠎ᠠ ᠶᠢᠨ ᠦᠢᠯᠡᠴᠢᠯᠡᠭᠡ ᠶᠢᠨ ᠰᠥᠨᠢᠳ ᠵᠡᠭᠦᠨ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠨᠠᠮ ᠤᠨ ᠬᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡ᠂ ᠵᠠᠯᠠᠭᠤᠴᠤᠳ ᠤᠨ ᠭᠡᠷ ᠪᠦᠯᠢ ᠶᠢᠨ ᠵᠢᠭᠰᠠᠭᠠᠯ ᠤᠨ ᠭᠠᠵᠠᠷ ᠵᠡᠷᠭᠡ ᠲᠠᠪᠴᠠᠩ ᠳᠤ ᠲᠦᠰᠢᠭᠯᠡᠨ᠂ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠣᠳᠣᠬᠠᠨ ᠳᠤ ᠪᠥᠬᠦ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ 110 ᠪᠠᠶᠢᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠮᠥᠨ ᠤ ᠲᠤᠭ᠎ᠠ 1828 ᠬᠦᠷᠴᠡᠢ᠃ ᠡᠯ᠎ᠡ ᠰᠤᠮᠤ ᠪᠠᠯᠭᠠᠰᠤ᠂ ᠪᠠᠶᠢᠭᠤᠯᠭ᠎ᠠ ᠨᠢᠭᠡᠴᠢ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠨᠢ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾᠂ ︽ᠣᠨᠣᠯ + ᠰᠠᠶᠢᠨ ᠳᠤᠷ᠎ᠠ ᠢᠢᠨ ᠦᠢᠯᠡᠴᠢᠯᠡᠭᠡ︾᠂ ︽ᠤᠳᠬ᠎ᠠ ᠤᠷᠠᠯᠢᠭ + ᠰᠠᠶᠢᠨ ᠳᠤᠷ᠎ᠠ ᠶᠢᠨ ᠦᠢᠯᠡᠴᠢᠯᠡᠭᠡ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ + ᠰᠠᠶᠢᠨ ᠳᠤᠷ᠎ᠠ ᠶᠢᠨ ᠦᠢᠯᠡᠴᠢᠯᠡᠭᠡ︾᠂ ︽ᠬᠠᠪᠰᠤᠷᠤᠨ ᠲᠡᠳᠬᠦᠬᠦ + ᠰᠠᠶᠢᠨ ᠳᠤᠷ᠎ᠠ ᠶᠢᠨ ᠦᠢᠯᠡᠴᠢᠯᠡᠭᠡ︾ ᠵᠡᠷᠭᠡ ᠣᠯᠠᠨ ᠵᠦᠢᠯ ᠤᠨ ᠬᠡᠯᠪᠡᠷᠢ ᠶᠢ ᠬᠡᠷᠡᠭᠯᠡᠵᠦ᠂ ᠤᠯᠠᠨ ᠲᠦᠮᠡᠨ ᠳᠤ ᠪᠠᠶᠠᠯᠢᠭ ᠠᠭᠤᠯᠭ᠎ᠠ ᠪᠦᠬᠦᠢ ᠦᠢᠯᠡᠴᠢᠯᠡᠭᠡ ᠶᠢ ᠬᠠᠩᠭᠠᠵᠤ᠂ ᠤᠳᠤ ᠪᠣᠯᠲᠠᠯ᠎ᠠ ᠨᠡᠶᠢᠳᠡ 358 ᠤᠳᠠᠭ᠎ᠠ ᠠᠵᠢᠯᠯᠠᠭ᠎ᠠ ᠥᠷᠨᠢᠭᠦᠯᠵᠦ᠂ ᠡᠭᠦᠨ ᠳᠤ ᠤᠬᠠᠭᠤᠯᠤᠨ ᠲᠠᠶᠢᠯᠪᠤᠷᠢᠯᠠᠬᠤ ᠲᠦᠷᠦᠯ ᠤᠨ 133 ᠤᠳᠠᠭ᠎ᠠ᠂ ᠤᠳᠬ᠎ᠠ ᠤᠷᠠᠯᠢᠭ ᠰᠣᠶᠣᠯ ᠤᠨ ᠲᠦᠷᠦᠯ ᠤᠨ 28 ᠤᠳᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠲᠦᠭᠡᠮᠡᠯᠵᠢᠭᠦᠯᠬᠦ ᠲᠦᠷᠦᠯ ᠤᠨ 46 ᠤᠳᠠᠭ᠎ᠠ᠂ ᠬᠠᠪᠰᠤᠷᠤᠨ ᠳᠡᠳᠬᠦᠬᠦ ᠲᠦᠷᠦᠯ ᠤᠨ 92 ᠤᠳᠠᠭ᠎ᠠ᠂ ᠪᠤᠰᠤᠳ ᠲᠦᠷᠦᠯ ᠤᠨ 59 ᠤᠳᠠᠭ᠎ᠠ ᠶᠢ ᠦᠷᠨᠢᠬᠦᠯᠵᠦ᠂ ᠡᠳᠡᠭᠡᠷ ᠲᠤᠭ᠎ᠠ ᠪᠠᠷᠢᠮᠲᠠ ᠶᠢᠨ ᠴᠠᠭᠠᠨ᠎ᠠ ᠪᠠᠰᠠ ᠮᠠᠰᠢ ᠤᠯᠠᠨ ᠰᠡᠳᠬᠢᠯ ᠢ ᠬᠦᠳᠡᠯᠬᠡᠮ᠎ᠡ ᠦᠯᠢᠬᠡᠷ ᠪᠠᠶᠢᠵᠤ᠂ ᠰᠠᠶᠢᠨ ᠲᠤᠷᠠᠴᠤᠤᠯ ᠤᠨ ᠬᠠᠶᠢᠷ᠎ᠠ ᠬᠠᠯᠠᠮᠵᠢ ᠪᠠ ᠦᠢᠯᠡ ᠠᠵᠢᠯᠯᠠᠭ᠎ᠠ ᠪᠠᠷ ᠢᠶᠠᠨ ᠲᠠᠶᠢᠯᠪᠤᠷᠢᠯᠠᠭᠰᠠᠨ ᠬᠠᠷᠢᠭᠤᠴᠠᠯᠭ᠎ᠠ ᠪᠠ ᠡᠭᠦᠷᠭᠡᠯᠡᠯ ᠪᠤᠢ᠃    ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠨᠠᠷᠢᠯᠢᠭ ᠣᠨᠣᠴᠠᠲᠠᠢ ᠪᠣᠯᠭᠠᠬᠤ ᠪᠠ ᠨᠡᠷᠡᠲᠦ ᠲᠡᠮᠳᠡᠭᠵᠢᠭᠦᠯᠬᠦ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠥᠯᠥᠭᠡ᠂ ᠰᠥᠨᠢᠳ ᠵᠡᠭᠦᠨ ᠬᠤᠰᠢᠭᠤ ᠣᠷᠣᠨ ᠨᠤᠲᠤᠭ ᠤᠨ ᠣᠨᠴᠠᠯᠢᠭ ᠪᠠ ᠰᠣᠶᠣᠯ ᠤᠨ ᠠᠭᠤᠯᠬᠤᠨ ᠳᠠᠭᠠᠨ ᠲᠦᠰᠢᠭᠯᠡᠵᠦ᠂ ᠦᠷᠭᠦᠯᠵᠢᠯᠡᠬᠦ ᠴᠢᠨᠠᠷ ᠢᠶᠠᠷ ᠴᠢᠩᠭ᠎ᠠ᠂ ᠦᠢᠯᠡᠴᠢᠯᠡᠭᠡᠨ ᠤ ᠴᠢᠨᠠᠷ ᠢᠶᠠᠷ ᠰᠠᠶᠢᠨ᠂ ᠥᠷᠭᠡᠨ ᠬᠡᠪᠴᠢᠶ᠎ᠡ ᠪᠦ᠋ᠬᠦᠢ ᠰᠠᠶᠢᠨ ᠳᠤᠷ᠎ᠠ ᠢᠢᠨ ᠦᠢᠯᠡᠴᠢᠯᠡᠭᠡᠨ ᠤ ᠨᠡᠷᠡᠲᠦ ᠲᠡᠮᠳᠡᠭ ᠢ ᠪᠤᠶ ᠪᠣᠯᠭᠠᠵᠤ᠂ ᠡᠭᠦᠨ ᠠᠴᠠ ᠭᠠᠳᠠᠨ᠎ᠠ ᠪᠠᠰᠠ ᠭᠤᠷᠪᠠᠳᠤᠭᠠᠷ ᠬᠤᠭᠤᠴᠠᠭᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠤᠷᠤᠯᠳᠤᠭᠠᠨ᠂ ︽ᠰᠠᠶᠢᠨ ᠳᠤᠷ᠎ᠠ ᠶᠢᠨ ᠦᠢᠯᠡᠴᠢᠯᠡᠭᠡ ᠪᠠᠷ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ︾ — ᠰᠥᠨᠢᠳ ᠵᠡᠭᠦᠨ ᠬᠤᠰᠢᠭᠤᠨ ᠤ ︽12 · 5︾ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠡᠳᠦᠷ ᠤᠨ ᠰᠢᠷᠢᠰ ᠠᠵᠢᠯᠯᠠᠭ᠎ᠠ ᠶᠢ ᠡᠷᠭᠢᠯᠡᠵᠦ᠂ ᠡᠯ᠎ᠡ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠤᠨ ᠣᠨᠴᠠᠯᠢᠭᠲᠤ ᠬᠢᠯᠠᠰ ᠴᠡᠭ ᠢ ᠭᠦᠨᠵᠡᠭᠡᠢ ᠠᠭᠤᠳᠠᠯᠵᠤ᠂ ᠰᠥᠨᠢᠳ ᠵᠡᠭᠦᠨ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠨᠢᠭᠡᠨ ᠰᠠᠯᠠᠭ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠪᠠᠶᠢᠭᠤᠯᠤᠭᠳᠠᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠤᠭᠤᠳ ᠵᠠᠪᠤᠭᠳᠠᠬᠤ ᠶᠢ ᠲᠠᠭᠠᠯᠳᠤᠨ᠂ ᠨᠡᠶᠢᠬᠡᠮ ᠨᠡᠶᠢᠳᠡ ᠶᠢᠨ ᠬᠠᠶᠢᠷ᠎ᠠ ᠬᠠᠯᠠᠮᠵᠢ ᠶᠢ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠠᠢ᠃ ᠵᠠᠯᠭᠠᠭᠠᠳ ᠰᠥᠨᠢᠳ ᠵᠡᠭᠦᠨ ᠬᠤᠰᠢᠭᠤᠨ ᠤ ᠬᠢᠨ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠡᠯᠪᠡᠭ ᠪᠠᠶᠠᠯᠢᠭ᠂ ᠢᠯᠡ ᠲᠣᠳᠣ ᠣᠨᠴᠠᠯᠢᠭ ᠪᠦ᠋ᠬᠦᠢ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠤᠷᠤᠭᠰᠢᠯᠠᠨ ᠳᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠨᠢᠭᠡᠨ ᠵᠦᠢᠯ ᠤᠨ ᠠᠮᠢᠳᠤᠷᠠᠯ ᠤᠨ ᠠᠷᠭ᠎ᠠ ᠮᠠᠶ᠋ᠢᠭ ᠪᠣᠯᠭᠠᠨ᠂ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠵᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠦᠷᠬᠦᠯᠵᠢᠯᠡᠨ ᠨᠢᠭᠲᠠᠷᠠᠭᠤᠯᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号