ᠵᠢᠷᠦᠬᠡ ᠴᠢᠰᠦᠨ ᠰᠤᠳᠠᠯ ᠮᠠᠭᠤᠳᠠᠢ ᠬᠦᠮᠦᠰ ︽ᠺᠠᠯᠢ ᠶᠡᠬᠡᠳᠡᠢ ᠬᠤᠭᠤᠯᠠ︾ ᠢᠳᠡᠭᠡᠷᠡᠢ
ᠨᠡᠶᠢᠲᠡᠯᠡᠭᠰᠡᠨ ᠴᠠᠭ᠄
2025/3/26
    ᠵᠢᠷᠦᠬᠡ ᠴᠢᠰᠤᠨ ᠰᠤᠳᠠᠯ ᠢ ᠬᠠᠮᠠᠭᠠᠯᠠᠬᠤ ᠡᠨᠡ ᠶᠠᠪᠤᠳᠠᠯ ᠳᠡᠭᠡᠷ᠎ᠡ ᠢᠳᠡᠭᠡᠨ ᠤᠮᠳᠠᠭᠠᠨ ᠪᠣᠯ ᠴᠢᠬᠤᠯᠠ ᠨᠢᠭᠡ ᠭᠤᠭᠴᠤᠭ᠎ᠠ ᠪᠣᠯᠤᠨ᠎ᠠ᠂ ᠡᠭᠦᠨ ᠳᠤ ︽ᠳᠠᠪᠤᠰᠤ ᠪᠠᠭ᠎ᠠ ᠢᠳᠡᠵᠦ︾᠂ ᠪᠠᠭ᠎ᠠ ᠰᠠᠭ᠎ᠠ ︽ᠺᠠᠯᠢ︾ ᠨᠦᠬᠦᠬᠦ ᠴᠢᠬᠤᠯᠠᠳᠠᠢ᠃     ᠺᠠᠯᠢ ᠨᠢ ᠵᠢᠷᠦᠬᠡ ᠴᠢᠰᠤᠨ ᠰᠤᠳᠠᠯ ᠢ ᠬᠡᠷᠬᠢᠨ ᠬᠠᠮᠠᠭᠠᠯᠠᠳᠠᠭ ᠪᠤᠢ︖     ᠺᠠᠯᠢ ᠨᠢ ᠥᠭᠡᠬᠦ ᠬᠠᠳᠠᠭᠠᠯᠠᠬᠳᠠᠨ ᠦᠯᠡᠳᠡᠬᠦ ᠶᠢ ᠪᠠᠭᠠᠰᠬᠠᠨ᠎ᠡ᠄ ᠺᠠᠯᠢ ᠶᠢᠨ ᠡᠯᠧᠮᠧᠨᠲ ᠨᠢ ᠥᠭᠡᠬᠦ ᠴᠢᠰᠤᠨ ᠰᠤᠳᠠᠯ ᠤᠨ ᠲᠤᠳᠤᠷ ᠬᠠᠨ᠎ᠠ ᠳᠤ ᠨᠠᠭᠠᠯᠳᠤᠬᠤ᠂ ᠴᠢᠰᠤᠨ ᠰᠤᠳᠠᠯ ᠢ ᠬᠡᠮᠳᠦᠭᠡᠵᠦ ᠬᠠᠳᠠᠭᠤᠷᠠᠭᠤᠯᠬᠤ ᠶᠢ ᠰᠡᠷᠭᠡᠶᠢᠯᠡᠬᠦ ᠳᠤ ᠲᠤᠰᠠᠯᠠᠨ᠎ᠠ᠃     ᠺᠠᠯᠢ ᠨᠢ ᠵᠢᠷᠦᠬᠡᠨ ᠯᠤᠭᠰᠢᠯᠲᠠ ᠶᠢ ᠲᠣᠬᠢᠷᠠᠭᠤᠯᠤᠨ᠎ᠠ᠄ ᠵᠢᠷᠦᠬᠡᠨ ᠤ ᠬᠡᠪ ᠤᠨ ᠯᠣᠭᠰᠢᠯᠲᠠ ᠪᠠ ᠪᠤᠯᠴᠢᠩ ᠨᠢ ᠬᠡᠪ ᠤᠨ ᠠᠪᠴᠢᠯᠲᠠ ᠳᠤ ᠪᠦᠷ ᠺᠠᠯᠢ᠂ ᠨᠠᠳ᠋ᠷᠢ ᠵᠡᠷᠭᠡ ᠢᠶᠤᠨ ᠤ ᠬᠠᠮᠵᠢᠯᠴᠠᠬᠤ ᠦᠢᠯᠡᠳᠦᠯ ᠳᠤ ᠲᠦᠰᠢᠭᠯᠡᠵᠦ ᠪᠠᠶᠢᠳᠠᠭ᠃ ᠡᠭᠦᠨ ᠠᠴᠠ ᠭᠠᠳᠠᠨ᠎ᠠ᠂ ᠺᠠᠯᠢ ᠨᠢ ᠪᠠᠰᠠ ᠪᠡᠶ᠎ᠡ ᠶᠢᠨ ᠲᠤᠳᠤᠷᠠᠬᠢ ᠠᠷᠤᠭ ᠶᠠᠰᠤ ᠪᠣᠯᠤᠨ ᠪᠤᠯᠴᠢᠩ ᠤᠨ ᠬᠥᠳᠡᠯᠭᠡᠭᠡᠨ ᠬᠢᠬᠦ᠂ ᠵᠢᠷᠦᠬᠡᠨ ᠤ ᠪᠤᠯᠴᠢᠩ ᠤᠨ ᠬᠡᠪ ᠤᠨ ᠪᠤᠰᠤ ᠪᠠᠶᠢᠳᠠᠯ ᠢ ᠰᠡᠷᠭᠡᠶᠢᠯᠡᠬᠦ ᠡᠭᠦᠷᠭᠡ ᠡᠭᠦᠷᠭᠡᠯᠡᠵᠦ ᠪᠠᠶᠢᠳᠠᠭ᠃     ᠺᠠᠯᠢ ᠨᠢ ᠨᠠᠳ᠋ᠷᠢ ᠶᠢ ᠰᠢᠭᠡᠰᠦᠨ ᠠᠴᠠ ᠭᠠᠷᠭᠠᠬᠤ ᠶᠢ ᠠᠬᠢᠭᠤᠯᠬᠤ ᠶᠢᠨ ᠬᠠᠮᠳᠤ ᠪᠥᠭᠡᠷ᠎ᠡ ᠶᠢᠨ ᠡᠳ᠋ — ᠴᠢᠰᠤᠨ ᠰᠤᠳᠠᠰᠤᠨ ᠤ ᠡᠷᠴᠢᠮᠯᠢᠭ ᠡᠳ᠋ ᠤᠨ ᠰᠢᠰᠲ᠋ᠧᠮ ᠢ ᠬᠤᠷᠢᠭᠯᠠᠵᠤ᠂ ᠡᠭᠦᠨ ᠤ ᠤᠯᠠᠮ ᠢᠶᠠᠷ ᠴᠢᠰᠤᠨ ᠰᠤᠳᠠᠰᠤᠨ ᠤ ᠳᠠᠷᠤᠯᠲᠠ ᠶᠢ ᠪᠠᠭᠤᠷᠠᠭᠤᠯᠳᠠᠭ᠃ ᠲᠤᠰ ᠰᠢᠰᠲ᠋ᠧᠮ ᠪᠣᠯ ᠬᠦᠮᠦᠨ ᠤ ᠪᠡᠶ᠎ᠡ ᠶᠢᠨ ᠰᠢᠩᠭᠡᠨ ᠢ ᠵᠣᠬᠢᠴᠠᠭᠤᠯᠬᠤ ᠴᠢᠬᠤᠯᠠ ᠰᠢᠰᠲ᠋ᠧᠮ ᠪᠤᠯᠤᠨ᠎ᠠ᠂ ᠬᠡᠲᠦᠷᠬᠡᠢ ᠢᠳᠡᠪᠬᠢᠵᠢᠭᠦᠯᠬᠦ ᠳᠤ ᠬᠦᠷᠪᠡᠯ ᠴᠢᠰᠤᠨ ᠳᠠᠷᠤᠯᠲᠠ ᠥᠨᠳᠥᠷ ᠪᠤᠯᠬᠤ ᠶᠢᠨ ᠨᠢᠭᠡ ᠰᠢᠯᠲᠠᠭᠠᠨ ᠪᠤᠯᠬᠤ ᠪᠣᠯᠤᠨ᠎ᠠ᠃     ᠲᠤᠣᠷᠠᠬᠢ ᠬᠡᠳᠦᠨ ᠲᠦᠷᠦᠯ ᠤᠨ ᠬᠦᠮᠦᠨ ᠺᠠᠯᠢ ᠨᠥᠬᠦᠪᠥᠷᠢᠯᠡᠬᠦ ᠶᠢ ᠤᠨᠴᠠᠭᠠᠢ ᠠᠩᠬᠠᠷᠬᠤ ᠬᠡᠷᠡᠭᠲᠡᠢ᠃     1. ᠴᠢᠰᠤᠨ ᠳᠠᠷᠤᠯᠲᠠ ᠪᠠᠷᠢᠮᠵᠢᠶ᠎ᠠ ᠬᠡᠲᠦᠷᠡᠭᠰᠡᠨ ᠬᠦᠮᠦᠨ     2. ᠢᠳᠡᠪᠠᠯ ᠠᠮᠠᠷᠬᠠᠨ ᠲᠠᠷᠭᠤᠯᠠᠳᠠᠭ ᠬᠦᠮᠦᠨ     3. ᠠᠮᠠᠷᠬᠠᠨ ᠰᠠᠭᠤᠯᠭᠠᠳᠠᠭ ᠬᠦᠮᠦᠨ     4. ᠬᠦᠯᠦᠰᠦ ᠠᠷᠪᠢᠨ ᠭᠠᠷᠳᠠᠭ ᠬᠦᠮᠦᠨ     5. ᠤᠳᠠᠭᠠᠨ ᠴᠢᠨᠠᠷᠲᠠᠢ ᠬᠡᠰᠡᠭ ᠡᠪᠡᠳᠴᠢᠲᠡᠨ     ᠰᠢᠮ᠎ᠡ ᠲᠡᠵᠢᠭᠡᠯ ᠤᠨ ᠲᠤᠰᠬᠠᠶ ᠮᠡᠷᠭᠡᠵᠢᠯᠲᠡᠨ ᠠᠴᠠ ᠢᠳᠡᠭᠡᠨ ᠤᠮᠳᠠᠭᠠᠨ ᠢᠶᠠᠷ ᠺᠠᠯᠢ ᠨᠦᠬᠦᠬᠦ ᠠᠷᠭ᠎ᠠ ᠶᠢ ᠲᠠᠨᠢᠯᠴᠠᠭᠤᠯᠪᠠ᠄     · ᠡᠳᠦᠷ ᠪᠦᠷᠢ ᠨᠢᠭᠡ ᠵᠢᠩ ᠢᠳᠡᠰᠢᠨ ᠨᠣᠭᠤᠭ᠎ᠠ᠂ ᠬᠠᠭᠠᠰ ᠵᠢᠩ ᠵᠢᠮᠢᠰ ᠢᠳᠡᠵᠦ᠂ ᠠᠯᠢ ᠴᠢᠳᠠᠬᠤ ᠪᠠᠷ ᠨᠢᠭᠡ ᠬᠤᠶᠠᠷ ᠵᠦᠢᠯ ᠤᠨ ᠺᠠᠯᠢ ᠶᠡᠬᠡᠳᠡᠢ ᠢᠳᠡᠰᠢᠨ ᠨᠣᠭᠤᠭ᠎ᠠ ᠢᠳᠡᠵᠦ᠂ ᠺᠠᠯᠢ ᠶᠢᠨ ᠰᠢᠮ᠎ᠡ ᠲᠡᠵᠢᠭᠡᠯ ᠤᠨ ᠡᠳ᠋ ᠤᠨ ᠨᠢᠭᠲᠠᠴᠠ ᠪᠠᠷ ᠨᠡᠯᠢᠶᠡᠳ ᠥᠨᠳᠥᠷ ᠵᠢᠮᠢᠰ ᠦᠷᠭᠦᠯᠵᠢ ᠢᠳᠡᠬᠦ ᠬᠡᠷᠡᠭᠳᠡᠢ᠃     · ᠡᠳᠦᠷ ᠪᠦᠷᠢ ᠠᠳᠠᠭ ᠲᠠᠭᠠᠨ 300 ᠭᠷᠠᠮ ᠴᠡᠪᠡᠷ ᠰᠦ ᠪᠤᠶᠤ ᠡᠭᠡᠳᠡᠭᠰᠡᠨ ᠰᠦ ᠤᠣᠭᠤᠬᠤ ᠭᠡᠷᠡᠭᠳᠡᠢ︔     · ᠭᠤᠤᠯ ᠢᠳᠡᠭᠡᠨ ᠳᠡᠭᠡᠨ 1/3~1/2 ᠬᠤᠪᠢ ᠶᠢᠨ ᠪᠤᠷᠴᠠᠭ ᠤᠨ ᠵᠦᠢᠯ ᠪᠠ ᠪᠦᠬᠦ ᠠᠮᠤ ᠶᠢᠨ ᠵᠦᠢᠯᠡᠰ ᠢ ᠢᠳᠡᠵᠦ᠂ ᠡᠳᠦᠷ ᠪᠦᠷᠢ 50 ~ 150 ᠭᠷᠠᠮ ᠢᠳᠡᠬᠦ ᠭᠡᠷᠡᠭᠳᠡᠢ︔     · ᠡᠳᠦᠷ ᠪᠦᠷᠢ 50 ~100 ᠭᠷᠡᠮ ᠲᠦᠮᠦᠰᠦᠨ ᠤ ᠲᠦᠷᠦᠯ ᠢᠳᠡᠬᠦ ᠭᠡᠷᠡᠭᠳᠡᠢ︔     · ᠵᠦᠢᠯ ᠪᠦᠷᠢ ᠶᠢᠨ ᠮᠢᠬ᠎ᠠ ᠶᠢ ᠡᠭᠡᠯᠵᠢᠯᠡᠨ ᠢᠳᠡᠵᠦ᠂ ᠡᠳᠦᠷ ᠪᠦᠷᠢ 70 ~150 ᠭᠷᠠᠮ ᠢᠳᠡᠵᠦ᠂ ᠡᠳᠦᠷ ᠪᠦᠷᠢ ᠨᠢᠭᠡ ᠲᠠᠬᠢᠶᠠᠨ ᠥᠨᠳᠡᠭᠡ ᠢᠳᠡᠬᠦ ᠬᠡᠷᠡᠭᠳᠡᠢ᠃     · ᠴᠢᠰᠤᠨ ᠳᠠᠷᠤᠯᠲᠠ ᠥᠨᠳᠥᠷ ᠡᠪᠡᠳᠴᠢᠲᠡᠨ ᠢᠳᠡᠰᠢᠨ ᠨᠣᠭᠤᠭ᠎ᠠ᠂ ᠵᠢᠮᠢᠰ ᠵᠢᠴᠢ ᠬᠤᠯᠢᠮᠠᠭ ᠠᠮᠤ ᠵᠤᠬᠢᠬᠤ ᠬᠡᠮᠵᠢᠶ᠎ᠡ ᠪᠠᠷ ᠢᠳᠡᠵᠦ᠂ ᠡᠩ ᠤᠨ ᠳᠠᠪᠤᠰᠤ ᠢᠳᠡᠵᠦ ᠪᠠᠶᠢᠬᠰᠠᠨ ᠢᠶᠠᠨ ᠨᠠᠳ᠋ᠷᠢ ᠪᠠᠭ᠎ᠠ ᠺᠠᠯᠢ ᠶᠡᠭᠡ ᠳᠠᠪᠤᠰᠤ ᠢᠳᠡᠬᠦ ᠪᠣᠯᠭᠠᠨ ᠬᠤᠪᠢᠷᠠᠭᠤᠯᠵᠤ ᠪᠣᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号