ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/3/26
                        ᠵᠠᠰᠠᠭ ᠤᠨ ᠣᠷᠳᠣᠨ ᠤ ᠠᠵᠢᠯ ᠤᠨ ᠢᠯᠡᠳᠬᠡᠯ    2025 ᠣᠨ ᠤ 1 ᠰᠠᠷ᠎ᠠ ᠶᠢᠨ 12 ᠤ ᠡᠳᠦᠷ ᠤᠨ ᠰᠥᠨᠢᠳ ᠵᠡᠭᠦᠨ ᠬᠤᠰᠢᠭᠤᠨ ᠤ ᠠᠷᠪᠠᠨ ᠵᠢᠷᠭᠤᠳᠤᠭᠠᠷ    ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠦᠭᠡᠷ ᠤᠳᠠᠭᠠᠨ ᠤ ᠬᠤᠷᠠᠯᠳᠤᠭᠠᠨ ᠳᠡᠭᠡᠷ᠎ᠡ    ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠣᠣ    ᠲᠥᠯᠥᠭᠡᠯᠡᠭᠴᠢᠳ ᠡ᠄    ᠳᠣᠣᠷ᠎ᠠ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠰᠠᠨᠠᠭᠤᠯᠭ᠎ᠠ ᠪᠠᠨ ᠳᠤᠷᠠᠳᠤᠨ ᠳᠡᠪᠰᠢᠬᠦᠯᠬᠦ ᠪᠣᠯᠪᠠᠤ᠃    ᠨᠢᠭᠡ᠂ 2024 ᠣᠨ ᠤ ᠠᠵᠢᠯ ᠤᠨ ᠡᠷᠭᠢᠴᠡᠭᠦᠯᠦᠯ    ᠪᠢᠳᠡ 2024 ᠣᠨ ᠳᠤ ᠨᠠᠮ ᠤᠨ ᠲᠦᠪ ᠬᠤᠷᠢᠶᠠᠨ ᠤ ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠤᠯᠤᠨ ᠳᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠬᠦᠨᠵᠡᠬᠡᠢ ᠲᠤᠤᠱᠯᠠᠭᠤᠯᠤᠨ᠂ ︽ᠨᠢᠭᠡ ᠭᠤᠣᠯ ᠰᠢᠵᠢᠮ︾ ᠢ ᠲᠤᠤᠱᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠦᠢᠴᠡᠳᠬᠡᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠬᠦᠯᠦᠨ᠂ ᠠᠵᠤ ᠠᠬᠤᠢ ᠨᠡᠶᠢᠭᠡᠮ ᠤᠨ ᠡᠯ᠎ᠡ ᠲᠠᠯ᠎ᠠ ᠶᠢᠨ ᠠᠵᠢᠯ ᠳᠤ ᠢᠳᠡᠪᠬᠢ ᠦᠷ᠎ᠡ ᠪᠦᠲᠦᠮᠵᠢ ᠣᠯᠪᠠ᠃ ᠪᠥᠬᠦ ᠵᠢᠯ ᠳᠤ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠤᠩᠭᠡᠢ ᠥᠷᠲᠡᠭ ᠢ ᠵᠢᠱᠢᠯᠲᠡ ᠪᠠᠷ 41.07 ᠳ᠋ᠦᠩᠰᠢᠭᠤᠷ ᠲᠥᠭᠦᠷᠢᠭ ᠪᠡᠶᠡᠯᠡᠬᠦᠯᠪᠡ᠃ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ ᠵᠢᠱᠢᠯᠲᠡ ᠪᠠᠷ 56.2 ᠳ᠋ᠦᠩᠰᠢᠭᠤᠷ ᠲᠥᠭᠦᠷᠢᠭ ᠪᠡᠶᠡᠯᠡᠬᠦᠯᠵᠤ᠂ ᠪᠦᠬᠦ ᠠᠶᠢᠮᠠᠭ ᠲᠤ ᠭᠤᠳᠠᠭᠠᠷᠯᠠᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7.24 ᠳ᠋ᠦᠩᠰᠢᠭᠤᠷ ᠲᠥᠭᠦᠷᠢᠭ ᠪᠡᠶᠡᠯᠡᠭᠦᠯᠵᠦ᠂ 19.5% ᠪᠠᠷ ᠨᠡᠮᠡᠭᠳᠡᠪᠡ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠤᠩᠭᠡᠢ ᠦᠷᠲᠡᠭ ᠵᠢᠱᠢᠯᠲᠡ ᠪᠠᠷ 5.47 ᠳ᠋ᠦᠩᠰᠢᠭᠤᠷ ᠲᠥᠭᠦᠷᠢᠭ ᠲᠤ ᠬᠦᠷᠴᠦ᠂ 1.5% ᠪᠠᠷ ᠨᠡᠮᠡᠭᠳᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠣᠷᠣᠯᠭ᠎ᠠ ᠵᠢᠱᠢᠯᠲᠡ ᠪᠠᠷ ᠲᠤᠰ ᠪᠦᠷᠢ 52100 ᠲᠥᠭᠦᠷᠢᠭ ᠪᠠ 25221 ᠲᠥᠭᠦᠷᠢᠭ ᠲᠤ ᠬᠦᠷᠴᠦ᠂ 5% ᠪᠠ 7% ᠪᠠᠷ ᠨᠡᠮᠡᠭᠳᠡᠪᠡ᠃    ︵ᠨᠢᠭᠡ︶ ᠰᠢᠨ᠎ᠡ ᠶᠢ ᠡᠭᠦᠳᠬᠦ ᠬᠦᠭᠵᠢᠯᠲᠡ ᠶᠢᠨ ᠬᠥᠳᠡᠯᠭᠡᠬᠦ ᠬᠦᠴᠦᠨ ᠴᠢᠩᠭᠠᠷᠠᠪᠠ᠃ ᠲᠥᠷᠥ ᠶᠢᠨ ᠪᠣᠳᠣᠯᠭ᠎ᠠ ᠶᠢᠨ ᠨᠠᠶᠢᠳᠠᠪᠣᠷᠢᠵᠢᠭᠤᠯᠣᠯᠲᠠ ᠪᠤᠳᠠᠳᠣ ᠦᠷ᠎ᠡ ᠪᠦᠲᠦᠮᠵᠢ ᠣᠯᠪᠠ᠃ ᠳᠡᠭᠡᠳᠦ ᠱᠠᠲᠤᠨ ᠤ ᠡᠯ᠎ᠡ ᠲᠦᠷᠦᠯ ᠤᠨ ᠪᠠᠯᠠ ᠮᠥᠩᠭᠦ ᠶᠢ 1.18 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠵᠤ᠂ 54 ᠭᠤᠤᠯᠳᠠᠯᠭ᠎ᠠ ᠲᠠᠢ ᠲᠥᠷᠥᠯ ᠵᠦᠢᠯ ᠠᠵᠢᠯ ᠡᠬᠢᠯᠡᠬᠦᠯᠪᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠤᠨ ᠨᠠᠶᠢᠳᠠᠪᠤᠷᠢᠵᠢᠭᠤᠯᠤᠭᠰᠠᠨ ᠪᠠᠯᠠ ᠮᠥᠩᠭᠦ ᠵᠢᠱᠢᠯᠲᠡ ᠪᠠᠷ 37.7 ᠳ᠋ᠦᠩᠰᠢᠭᠤᠷ ᠲᠥᠭᠦᠷᠢᠭ ᠲᠤ ᠬᠦᠷᠴᠦ᠂ 51.4% ᠪᠠᠷ ᠨᠡᠮᠡᠭᠳᠡᠨ᠂ ᠪᠥᠬᠦ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠤᠳᠠᠲᠠᠶᠢᠵᠢᠭᠤᠯᠪᠠ᠃ ᠠᠷᠠᠯᠵᠢᠶ᠎ᠠ ᠡᠷᠬᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ᠂ ᠨᠢᠭᠡ ᠴᠣᠩᠬᠤᠪᠴᠢ ᠪᠠᠷ ᠶᠡᠷᠤᠩᠭᠡᠶᠢᠯᠡᠨ ᠭᠥᠯᠢᠶᠡᠨ ᠠᠪᠴᠤ ᠰᠢᠢᠳᠪᠦᠷᠢᠯᠡᠭᠰᠡᠨ ᠰᠢᠯᠢᠳᠡᠭ ᠦᠨᠡᠯᠡᠯᠲᠡ ᠶᠢᠨ ᠨᠣᠷᠮ᠎ᠠ 100% ᠳᠤ ᠬᠦᠷᠴᠦ᠂ ᠪᠥᠬᠦ ᠶᠠᠪᠤᠴᠠ ᠶᠢ ᠰᠦᠯᠵᠢᠶ᠎ᠡ ᠪᠠᠷ ᠬᠦᠢᠴᠡᠳᠬᠡᠭᠰᠡᠨ ᠪᠠ ᠰᠦᠯᠵᠢᠶ᠎ᠡ ᠪᠠᠷ ᠪᠣᠳᠠᠲᠠᠢ ᠬᠦᠢᠴᠡᠳᠬᠡᠬᠦ ᠨᠣᠷᠮ᠎ᠠ ᠢᠯᠡᠳᠲᠡ ᠳᠡᠭᠡᠭᠰᠢᠯᠡᠨ᠂ ᠠᠷᠠᠯᠵᠢᠶ᠎ᠠ ᠡᠷᠬᠢᠯᠡᠬᠦ ᠣᠷᠴᠢᠨ ᠠᠬᠤᠢ ᠶᠢᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠪᠠ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠦᠷ᠎ᠡ ᠪᠥᠲᠦᠮᠵᠢ ᠪᠥᠬᠦ ᠠᠶᠢᠮᠠᠭ ᠲᠤ ᠲᠡᠷᠢᠬᠦᠯᠡᠪᠡ᠃ 2.79 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠦᠩᠭᠡᠯᠡᠨ ᠰᠦᠢᠳᠬᠡᠯ ᠢ ᠪᠠᠭᠤᠷᠠᠭᠤᠯᠵᠤ᠂ ᠵᠢᠵᠢᠭ ᠪᠠᠭ᠎ᠠ ᠠᠵᠤ ᠠᠬᠤᠶᠢᠯᠠᠯ ᠳᠤ 8.31 ᠳ᠋ᠦᠩᠰᠢᠭᠤᠷ ᠲᠥᠭᠦᠷᠢᠭ ᠤᠨ ᠵᠢᠭᠡᠯᠡᠯᠭᠡ ᠬᠠᠩᠭᠠᠪᠠ᠃ ᠰᠢᠨ᠎ᠡ ᠶᠢ ᠡᠬᠦᠳᠤᠨ ᠬᠠᠮᠲᠤᠷᠠᠨ ᠠᠵᠢᠯᠯᠠᠬᠤ ᠠᠬᠢᠴᠠ ᠶᠢ ᠯᠠᠪᠳᠠᠭᠤᠨ ᠠᠬᠢᠭᠤᠯᠪᠠ᠃ ᠲᠧᠭᠨᠢᠭ ᠮᠡᠷᠭᠡᠵᠢᠯ ᠤᠨ ︽ᠪᠣᠭᠤᠮᠲᠠ ᠶᠢ ᠰᠢᠪᠲᠤᠯᠤᠭᠰᠠᠨ︾ ᠠᠵᠢᠯ ᠤᠨ ᠪᠦᠲᠦᠮᠵᠢ ᠠᠩᠬ᠎ᠠ ᠠᠯᠬᠤᠮ ᠢᠯᠡᠷᠬᠡᠢ ᠪᠣᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠬᠥᠭᠵᠢᠭᠡᠳ 3 ᠡᠷᠤᠬᠡ ᠳᠤ ᠬᠦᠷᠴᠦ᠂ 2 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢ ᠡᠭᠦᠳᠦᠨ ᠪᠠᠶᠢᠭᠤᠯᠪᠠ᠃ ᠬᠢᠯᠢ ᠬᠢᠵᠠᠭᠠᠷ ᠤᠷᠤᠨ ᠪᠠ ᠳᠤᠲᠤᠷ᠎ᠠ ᠭᠠᠵᠠᠷ ᠤᠨ ᠬᠠᠮᠲᠤᠷᠠᠯᠴᠠᠭ᠎ᠠ ᠰᠤᠯᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 5 ᠬᠢᠯᠢ ᠶᠢᠨ ᠰᠤᠮᠤ ᠪᠠᠯᠭᠠᠰᠣᠨ ᠤ ᠰᠠᠭᠤᠭᠠᠯᠢ ᠠᠷᠠᠳ ᠢ ᠡᠷᠢᠶᠡᠨ ᠬᠤᠲᠠ ᠶᠢᠨ ᠬᠢᠯᠢ ᠶᠢᠨ ᠠᠷᠠᠳ ᠤᠨ ᠠᠷᠠᠯᠵᠢᠶᠠᠨ ᠤ ᠲᠣᠭᠤᠷᠢᠭ ᠲᠤ ᠤᠷᠤᠭᠤᠯᠤᠨ᠂ ᠭᠠᠳᠠᠭᠠᠳᠤ ᠠᠷᠠᠯᠵᠢᠶ᠎ᠠ ᠶᠢᠨ ᠬᠤᠳᠠᠯᠳᠤᠭᠠᠨ ᠤ ᠦᠷᠲᠡᠭ ᠤᠨ ᠬᠤᠭᠤᠰᠣᠨ ᠢ ᠨᠦᠬᠦᠪᠦᠷᠢᠯᠡᠪᠡ᠃    ︵ᠬᠤᠶᠠᠷ︶ ᠠᠵᠤ ᠦᠶ᠋ᠯᠡᠰ ᠤᠨ ᠬᠡᠯᠪᠡᠷᠢ ᠶᠢᠨ ᠬᠤᠪᠢᠰᠤᠯᠲᠠ ᠶᠢᠨ ᠠᠯᠬᠤᠮ ᠪᠠᠲᠤ ᠴᠢᠩᠭ᠎ᠠ᠃ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠬᠦᠯᠪᠡ᠃ ᠤᠯᠤᠰ ᠤᠨ ᠲᠠᠰ ᠤᠨ ᠬᠤᠸᠠ ᠰᠢ ᠦᠬᠡᠷ ᠤᠨ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠶ ᠶᠢ 1 ᠰᠠᠭᠤᠷᠢ᠂ ᠭᠤᠤᠯᠳᠠᠯᠭᠠᠲᠤ ᠦᠷᠡᠵᠢᠯ ᠤᠨ ᠰᠦᠷᠦᠭ 4 ᠶᠢ ᠡᠭᠦᠳᠦᠨ ᠪᠠᠶᠢᠭᠤᠯᠵᠤ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠷᠡᠵᠢᠬᠦᠯᠦᠨ ᠪᠤᠶᠢᠵᠢᠭᠤᠯᠬᠤ ᠰᠢᠰᠲ᠋ᠧᠮ ᠤᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠲᠠᠯᠪᠢᠪᠠ᠃ ᠮᠤᠩᠭᠤᠯ ᠦᠬᠡᠷ ᠤᠨ ᠤᠯᠤᠰ ᠪᠠ ᠤᠷᠤᠨ ᠤ ᠳᠡᠰ ᠤᠨ ᠡᠬᠦᠯᠳᠡᠷ ᠬᠠᠮᠠᠭᠠᠯᠠᠬᠤ ᠲᠠᠯᠠᠪᠠᠢ ᠶᠢ ᠲᠤᠰ ᠪᠦᠷᠢ 1 ᠶᠢ ᠪᠠᠶᠢᠭᠤᠯᠵᠤ᠂ ᠠᠶᠢᠮᠠᠭ ᠤᠨ ᠳᠡᠰ ᠤᠨ 10 ᠭᠤᠤᠯᠳᠠᠯᠭᠠᠲᠤ ᠰᠦᠷᠦᠭ ᠪᠠ 150 ᠦᠷᠡᠵᠢᠯᠲᠡ ᠶᠢᠨ ᠰᠦᠷᠦᠭ ᠢ ᠳᠠᠶᠢᠴᠢᠯᠠᠨ ᠳᠠᠭᠠᠭᠤᠯᠵᠤ᠂ ᠮᠤᠩᠭᠤᠯ ᠦᠬᠡᠷ ᠤᠨ ᠤᠷᠤᠨ ᠨᠤᠲᠤᠭ ᠤᠨ ᠰᠢᠯᠢᠳᠡᠭ ᠡᠬᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠢᠨ᠎ᠡ ᠶᠢ ᠡᠬᠦᠳᠦᠨ ᠠᠰᠢᠭᠯᠠᠬᠤ ᠰᠢᠰᠲ᠋ᠧᠮᠵᠢ ᠨᠢ ᠠᠩᠬ᠎ᠠ ᠠᠯᠬᠤᠮ ᠲᠦᠯᠦᠪᠰᠢᠪᠡ᠃ ᠣᠷᠣᠨ ᠤ ᠲᠠᠰ ᠤᠨ ᠰᠥᠨᠢᠳ ᠬᠤᠨᠢᠨ ᠤ ᠭᠤᠣᠯᠳᠠᠯᠭᠠᠲᠤ ᠡᠭᠦᠯᠳᠡᠷ ᠪᠤᠶᠢᠵᠢᠭᠤᠯᠬᠤ ᠲᠠᠯᠠᠪᠠᠶ ᠶᠢ 1 ᠰᠠᠭᠤᠷᠢ ᠪᠠᠶᠢᠭᠤᠯᠵᠤ᠂ 12 ᠦᠷᠡᠵᠢᠯᠲᠡ ᠶᠢᠨ ᠲᠠᠯᠠᠪᠠᠶ ᠪᠠ 137 ᠭᠤᠣᠯᠳᠠᠯᠭᠠᠲᠤ ᠰᠦᠷᠦᠭ ᠢ ᠳᠠᠶᠢᠴᠢᠯᠠᠨ ᠳᠠᠭᠠᠭᠤᠯᠵᠤ᠂ ᠡᠬᠦᠯᠳᠡᠷ ᠪᠤᠶᠢᠵᠢᠭᠤᠯᠬᠤ ᠪᠠ ᠬᠠᠮᠲᠤᠷᠠᠭᠰᠠᠨ ᠬᠠᠮᠢᠶᠠᠷᠤᠯᠲᠠ ᠶᠢ ᠡᠬᠢᠯᠡᠬᠦᠯᠦᠨ᠂ ᠨᠡᠶᠢᠬᠡᠮᠴᠢᠯᠡᠭᠰᠡᠨ ᠬᠢᠵᠢᠭ ᠢ ᠰᠡᠷᠭᠡᠶᠢᠯᠡᠬᠦ ᠦᠢᠯᠡᠴᠢᠯᠡᠭᠡ ᠶᠢ ᠦᠷᠨᠢᠬᠦᠯᠵᠦ᠂ ︽ᠢᠬᠢᠷ᠎ᠡ ᠡᠬᠦᠯᠳᠡᠷ︾ ᠤᠨ ᠦᠷᠡᠵᠢᠯᠲᠡ ᠶᠢ ᠳᠡᠯᠭᠡᠷᠡᠬᠦᠯᠦᠨ ᠦᠷᠬᠡᠳᠬᠡᠵᠤ᠂ ᠰᠦᠨᠢᠳ ᠬᠤᠨᠢ ᠰᠤᠩᠭᠤᠨ ᠪᠤᠶᠢᠵᠢᠭᠤᠯᠬᠤ ᠪᠠ ᠡᠬᠦᠯᠳᠡᠷ ᠰᠢᠯᠢᠳᠡᠭᠵᠢᠬᠦᠯᠬᠦ ᠠᠵᠢᠯᠯᠠᠭ᠎ᠠ ᠠᠩᠬ᠎ᠠ ᠠᠯᠬᠤᠮ ᠲᠦᠯᠦᠪᠰᠢᠪᠡ᠃ 1 ᠣᠷᠣᠨ ᠤ ᠲᠠᠰ ᠤᠨ ᠰᠥᠨᠢᠳ ᠬᠤᠤᠰ ᠪᠥᠬᠦᠲᠦ ᠲᠡᠮᠡᠭᠡᠨ ᠤ ᠡᠭᠦᠯᠳᠡᠷ ᠬᠠᠮᠠᠭᠠᠯᠠᠬᠤ ᠲᠠᠯᠠᠪᠠᠶ᠂ 1 ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠶ ᠶᠢ ᠪᠠᠶᠢᠭᠤᠯᠪᠠ᠃ ᠤᠨᠴᠠᠯᠢᠭᠲᠤ ᠲᠡᠵᠢᠭᠡᠨ ᠠᠷᠠᠴᠢᠯᠠᠬᠤ ᠠᠵᠦ ᠦᠢᠯᠡᠰ ᠲᠦᠷᠭᠡᠨ ᠢᠶᠠᠷ ᠬᠦᠭᠵᠢᠪᠡ᠃ ᠪᠦᠬᠦ ᠵᠢᠯ ᠳᠤ ᠮᠢᠬᠠᠨ ᠤ ᠦᠬᠡᠷ 16.8 ᠲᠦᠮᠡᠨ ᠲᠤᠯᠤᠭᠠᠢ᠂ ᠰᠦᠨᠢᠳ ᠬᠤᠨᠢ 92 ᠲᠦᠮᠡᠨ ᠲᠤᠯᠤᠭᠠᠢ ᠳᠤ ᠬᠦᠷᠪᠡ᠃ ᠪᠦᠬᠦ ᠵᠢᠯ ᠤᠨ ᠮᠠᠯ ᠤᠨ ᠭᠠᠷᠭᠠᠯᠲᠠ 72 ᠲᠦᠮᠡᠨ ᠲᠤᠯᠤᠭᠠᠢ ᠳᠤ ᠬᠦᠷᠴᠦ᠂ 37 ᠲᠦᠮᠡᠨ ᠲᠤᠯᠤᠭᠠᠢ ᠶᠢ ᠨᠠᠷᠢᠯᠢᠭ ᠡᠳ᠋ᠰᠢᠬᠦᠯᠪᠡ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠬᠡᠭᠳᠡᠬᠦᠨ ᠤ ᠲᠤᠷᠰᠢᠯᠲᠠ ᠶᠢᠨ ᠲᠠᠰᠤᠭ ᠤᠨ ︽ᠬᠤᠤᠰ ᠭᠡᠷᠡᠴᠢᠯᠡᠯ︾ ᠤᠷᠤᠨ ᠤ ᠬᠢᠨᠠᠨ ᠰᠢᠯᠭᠠᠯᠲᠠ ᠶᠢ ᠢᠯᠭᠤᠮ ᠤᠷᠤᠭᠰᠢᠲᠠᠢ ᠦᠩᠭᠡᠷᠡᠭᠡᠪᠡ᠃ ᠭᠠᠩ ᠲᠠᠢ ᠲᠡᠮᠡᠴᠡᠬᠦ 6 ᠵᠤᠷᠪᠤᠰ ᠠᠷᠭ᠎ᠠ ᠠᠪᠴᠢᠯ ᠢ ᠨᠡᠶᠢᠲᠡᠯᠡᠵᠤ᠂ ᠪᠥᠬᠦ ᠣᠷᠣᠨ ᠤ ᠭᠠᠩ ᠲᠠᠢ ᠲᠡᠮᠡᠴᠡᠵᠦ ᠭᠠᠮᠰᠢᠭ ᠠᠴᠠ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠬᠦ ᠠᠬᠤᠢ ᠲᠠᠯᠠᠪᠤᠷ ᠤᠨ ᠬᠤᠷᠠᠯ ᠠᠮᠵᠢᠯᠲᠠ ᠲᠠᠢ ᠬᠤᠷᠠᠯᠳᠤᠪᠠ᠃ ᠨᠡᠷᠡᠲᠦ ᠲᠡᠮᠲᠡᠭᠳᠦ ᠶᠢᠨ ᠪᠠᠶᠢᠯᠳᠣᠬᠤ ᠪᠣᠳᠣᠯᠭ᠎ᠠ ᠶᠢ ᠦᠷᠬᠦᠯᠵᠢᠯᠡᠨ ᠴᠢᠩᠭᠠᠳᠬᠠᠨ᠂ ᠮᠠᠨ ᠤ ᠬᠤᠰᠢᠭᠤᠨ ᠠᠴᠠ ᠳᠤᠷᠠᠳᠤᠭᠰᠠᠨ ︽ᠳᠤᠮᠳᠠᠳᠤ ᠤᠯᠤᠰ ᠤᠨ ᠬᠤᠨᠢᠨ ᠤ ᠦᠶ᠋ᠯᠡᠰ · ᠰᠢᠯᠢ ᠶᠢᠨ ᠭᠤᠤᠯ ᠤᠨ ᠵᠢᠭᠠᠯᠲᠠ ᠲᠤᠭ᠎ᠠ︾ ᠶᠢ ᠨᠡᠶᠢᠲᠡᠯᠡᠨ ᠠᠵᠢᠯᠯᠠᠭᠤᠯᠵᠤ᠂ ᠰᠥᠨᠢᠳ ᠬᠤᠨᠢᠨ ᠮᠢᠬ᠎ᠠ ᠨᠢ ᠤᠯᠤᠰ ᠤᠨ ᠭᠠᠵᠠᠷ ᠵᠦᠶ ᠶᠢᠨ ᠲᠡᠮᠳᠡᠭ ᠤᠨ ᠬᠠᠮᠠᠭᠠᠯᠠᠯᠲᠠ ᠶᠢᠨ ᠢᠨᠵᠧᠨᠧᠷᠢᠩ ᠳᠤ ᠠᠮᠵᠢᠯᠲᠠ ᠲᠠᠢ ᠪᠠᠷ ᠰᠤᠩᠭᠤᠳᠠᠨ᠂ 2 ᠡᠷᠦᠬᠡ ᠠᠵᠤ ᠠᠬᠤᠶᠢᠯᠠᠯ ︽ᠦᠪᠦᠷ ᠮᠣᠩᠭᠤᠯ︾ ᠲᠡᠮᠳᠡᠭᠲᠦ ᠶᠢᠨ ᠭᠡᠷᠡᠴᠢᠯᠡᠯ ᠪᠠ ᠰᠢᠯᠢ ᠶᠢᠨ ᠭᠤᠤᠯ ᠤᠨ ᠬᠤᠨᠢ ᠨᠠᠶᠢᠲᠠ ᠶᠢᠨ ᠬᠡᠷᠡᠭᠯᠡᠬᠡᠨ ᠤ ᠨᠠᠷᠠᠲᠤ ᠲᠡᠮᠳᠡᠭᠲᠦ ᠶᠢᠨ ᠡᠷᠬᠡ ᠣᠯᠭᠤᠯᠲᠠ ᠶᠢ ᠬᠦᠷᠲᠡᠵᠤ᠂ ᠪᠦᠬᠦ ᠵᠢᠯ ᠳᠤ 24 ᠲᠦᠮᠡᠨ ᠲᠤᠯᠤᠭᠠᠢ ᠬᠤᠨᠢ ᠶᠢ ᠮᠦᠷᠳᠡᠨ ᠭᠡᠷᠡᠴᠢᠯᠡᠵᠤ ᠡᠳ᠋ᠰᠢᠭᠦᠯᠦᠨ ᠪᠣᠯᠪᠠᠰᠣᠷᠠᠭᠤᠯᠪᠠ᠃ ᠠᠵᠤ ᠦᠢᠯᠡᠳᠪᠦᠷᠢ ᠶᠢᠨ ᠶᠠᠰᠤ ᠴᠢᠨᠠᠷ ᠳᠡᠭᠡᠭᠰᠢᠯᠡᠨ ᠦᠷ᠎ᠡ ᠠᠰᠢᠭ ᠨᠡᠮᠡᠭᠳᠡᠪᠡ᠃ ᠮᠠᠩᠯᠠᠢ ᠨᠡᠭᠦᠷᠡᠰᠦᠨ ᠠᠭᠤᠷᠬᠠᠢ ᠬᠡᠪ ᠤᠨ ᠦᠢᠯᠡᠳᠪᠦᠷᠢᠯᠡᠯ ᠢᠶᠠᠨ ᠰᠡᠷᠭᠦᠭᠡᠵᠤ᠂ ᠵᠦᠩ ᠮᠸᠢ ᠮᠠᠩᠯᠠᠢ ᠨᠡᠭᠦᠷᠡᠰᠤᠨ ᠴᠠᠬᠢᠯᠭᠠᠨ ᠤ ᠦᠢᠯᠡᠳᠪᠦᠷᠢ ᠶᠢᠨ ᠪᠦᠲᠦᠬᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠪᠡ᠃ ᠶᠢᠨ ᠵᠥᠩ ᠠᠭᠤᠷᠬᠠᠶ ᠶᠢᠨ ᠦᠶ᠋ᠯᠡᠰ ᠤᠨ ᠬᠤᠶᠠᠳᠤᠭᠠᠷ ᠬᠤᠭᠤᠴᠠᠭᠠᠨ ᠤ ᠬᠠᠮᠲᠤᠷᠠᠨ ᠡᠵᠡᠩᠨᠡᠵᠦ ᠬᠤᠪᠢ ᠣᠷᠣᠭᠤᠯᠬᠤ ᠳᠤ ᠬᠡᠷᠡᠭᠯᠡᠬᠦ ᠭᠠᠵᠠᠷ ᠰᠢᠷᠣᠶ ᠶᠢᠨ ᠭᠠᠷᠳᠠᠮ ᠢ ᠭᠦᠢᠴᠡᠳᠬᠡᠵᠤ᠂ ᠴᠠᠩᠲᠤ ᠣᠪᠣᠭ᠎ᠠ ᠶᠢᠨ ᠠᠯᠲᠠᠨ ᠤ ᠠᠭᠤᠷᠬᠠᠶ ᠶᠢᠨ ᠲᠥᠷᠥᠯ ᠵᠦᠶ᠋ᠯ ᠢ ᠬᠢᠨᠠᠨ ᠵᠦᠪᠰᠢᠶᠡᠷᠡᠬᠦᠯᠵᠤ᠂ ᠵᠦᠩ ᠾᠧ ᠦᠷᠡᠨ ᠤ ᠠᠭᠤᠷᠬᠠᠶ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠭᠤᠤᠯ ᠴᠤᠭᠴᠠ ᠶᠢᠨ ᠪᠠᠷᠢᠯᠭ᠎ᠠ ᠳᠠᠭᠤᠰᠬᠠᠪᠠ᠃ ᠮᠢᠩ ᠶᠠᠩ ᠲᠠᠷᠠᠬᠠᠶ ᠬᠡᠯᠪᠡᠷᠢ ᠶᠢᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ᠂ ᠶᠢᠨ ᠵᠦᠩ ᠲᠠᠷᠠᠬᠠᠢ ᠬᠡᠯᠪᠡᠷᠢ ᠶᠢᠨ ᠭᠡᠷᠡᠯᠯᠢᠭ᠂ ᠮᠧᠩ ᠱᠧᠨ ᠬᠠᠮᠲᠤ ᠪᠠᠷ ᠡᠳ᠋ᠯᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠪᠠ ᠬᠤᠸᠠ ᠳ᠋ᠢᠶᠠᠨ᠂ ᠹᠧᠩ ᠳ᠋ᠢᠩ᠂ ᠵᠢᠩ ᠨᠧᠩ᠂ ᠱᠧᠨ ᠨᠧᠩ ᠡᠨᠧᠷᠭᠢ ᠳᠣᠭᠢᠷᠠᠭᠤᠯᠬᠤ ᠵᠡᠷᠭᠡ ᠲᠦᠷᠦᠯ ᠵᠦᠢᠯ ᠢ ᠴᠠᠬᠢᠯᠭᠠᠨ ᠲᠣᠣᠷ ᠲᠤ ᠨᠡᠶᠢᠯᠡᠬᠦᠯᠵᠤ᠂ ᠳ᠋ᠠ ᠬᠠᠩ ᠡᠨᠧᠷᠬᠢ ᠬᠠᠳᠠᠭᠠᠯᠠᠬᠤ ᠴᠠᠬᠢᠯᠭᠠᠨ ᠦᠷᠲᠡᠭᠡ ᠶᠢᠨ ᠲᠥᠷᠥᠯ ᠵᠦᠶ᠋ᠯ ᠤᠨ ᠠᠵᠢᠯ ᠪᠦᠲᠦᠭᠡᠨ ᠪᠠᠶᠢᠭᠤᠯᠵᠤ ᠳᠠᠭᠤᠰᠪᠠ᠃ ᠭᠤᠷᠪᠠᠳᠤᠭᠠᠷ ᠬᠤᠭᠤᠴᠠᠭᠠᠨ ᠤ ᠲᠣᠮᠣ ᠰᠠᠭᠤᠷᠢᠨ ᠭᠠᠵᠠᠷ ᠤᠨ ᠰᠠᠯᠬᠢᠨ ᠬᠦᠴᠦᠨ ᠤ ᠲᠦᠷᠦᠯ ᠵᠦᠢᠯ ᠪᠠ ᠰᠢᠩ ᠨᠧᠩ ᠡᠨᠧᠷᠬᠢ ᠬᠠᠳᠠᠭᠠᠯᠠᠬᠤ ᠲᠦᠷᠦᠯ ᠵᠦᠢᠯ ᠠᠵᠢᠯ ᠡᠬᠢᠯᠡᠵᠦ᠂ ᠮᠢᠩ ᠶᠠᠩ ᠡᠯᠡᠰᠤᠷᠬᠡᠭᠵᠢᠬᠦ ᠶᠢ ᠰᠡᠷᠭᠡᠶᠢᠯᠡᠬᠦ ᠰᠢᠨ᠎ᠡ ᠡᠨᠧᠷᠭᠢ ᠶᠢᠨ ᠲᠥᠷᠥᠯ ᠵᠦᠶ᠋ᠯ ᠪᠠ ᠡᠾᠧᠪᠸᠢ ᠶᠢᠨ ᠪᠦᠲᠦᠭᠡᠨ ᠪᠠᠶᠢᠭᠤᠯᠣᠯᠲᠠ ᠶᠢᠨ ᠪᠡᠯᠡ ᠣᠷᠣᠭᠤᠯᠣᠯᠲᠠ ᠶᠢᠨ ᠠᠭᠠᠷ ᠠᠪᠴᠠᠭᠠᠵᠤ ᠡᠨᠧᠷᠬᠢ ᠬᠠᠳᠠᠭᠠᠯᠠᠬᠤ ᠲᠦᠷᠦᠯ ᠵᠦᠢᠯ ᠡᠬᠢᠨ ᠤ ᠬᠤᠭᠤᠴᠠᠭᠠᠨ ᠤ ᠠᠵᠢᠯ ᠢᠶᠠᠨ ᠡᠬᠢᠯᠡᠭᠦᠯᠵᠦ᠂ ᠮᠠᠩᠯᠠᠢ ᠢᠯᠴᠢ ᠶᠢᠨ ᠴᠠᠬᠢᠯᠭᠠᠨ ᠤ ᠬᠦᠳᠡᠯᠦᠩᠭᠦᠢ ᠦᠭᠡᠷᠡᠴᠢᠯᠡᠯᠲᠡ ᠪᠠ ᠪᠦᠬᠦ ᠬᠡᠮᠵᠢᠶ᠎ᠡ ᠪᠠᠷ ᠦᠪᠡᠷ ᠢ ᠢᠶᠠᠨ ᠬᠠᠩᠭᠠᠬᠤ ᠮᠠᠶ᠋ᠢᠭ ᠤᠨ ᠰᠠᠯᠬᠢᠨ ᠴᠠᠬᠢᠯᠭᠠᠨ ᠤ ᠲᠦᠷᠦᠯ ᠵᠦᠢᠯ ᠵᠦᠪᠰᠢᠶᠡᠷᠡᠯ ᠤᠯᠵᠣ᠂ ᠪᠥᠬᠦ ᠬᠤᠰᠢᠭᠤᠨ ᠤ ᠰᠢᠨ᠎ᠡ ᠡᠨᠧᠷᠭᠢ ᠶᠢᠨ ᠲᠤᠤᠷ ᠲᠤ ᠨᠡᠶᠢᠯᠡᠭᠰᠡᠨ᠂ ᠪᠠᠶᠢᠭᠤᠯᠵᠣ ᠪᠠᠶᠢᠭ᠎ᠠ ᠬᠡᠪᠴᠢᠶᠡᠵᠢᠯ ᠨᠢ 578.2 ᠲᠦᠮᠡᠨ ᠺᠢᠯᠤᠸᠠᠲ ᠲᠤ ᠬᠦᠷᠪᠡ᠃ ᠴᠠᠬᠢᠯᠭᠠᠨ ᠲᠣᠤᠷ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠧᠩ ᠳ᠋ᠦᠩ ᠤᠨ 500 ᠺᠢᠯᠤᠸᠠᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠡᠬᠢᠨ ᠤ ᠬᠤᠭᠤᠴᠠᠭᠠᠨ ᠤ ᠭᠠᠷᠳᠠᠮ ᠢ ᠭᠦᠢᠴᠡᠳᠭᠡᠬᠦ ᠠᠵᠢᠯ ᠢ ᠲᠦᠷᠭᠡᠳᠭᠡᠵᠦ᠂ ᠮᠧᠩ ᠰᠢ ᠶᠢᠨ ᠴᠠᠬᠢᠯᠭᠠᠨ ᠲᠣᠤᠷ ᠤᠨ 500 ᠺᠢᠯᠤᠸᠠᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠮᠧᠩ ᠨᠧᠩ ᠤᠨ 100 ᠲᠦᠮᠡᠨ ᠺᠢᠯᠣᠸᠠᠲ ᠤᠨ ᠴᠠᠬᠢᠯᠭᠠᠨ ᠬᠦᠷᠭᠡᠬᠦ ᠱᠤᠭᠤᠮ ᠢ ᠥᠭᠡᠷᠡᠴᠢᠯᠡᠨ ᠵᠠᠯᠭᠠᠬᠤ ᠢᠨᠵᠧᠨᠧᠷᠢᠩ ᠢ ᠪᠦᠲᠦᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠪᠦᠬᠦ ᠵᠢᠯ ᠳᠤ 274 ᠲᠦᠮᠡᠨ ᠲᠣᠨ ᠨᠡᠭᠦᠷᠡᠰᠦ ᠦᠢᠯᠡᠳᠪᠦᠷᠢᠯᠡᠵᠦ᠂ 56 ᠳ᠋ᠦᠩᠰᠢᠭᠤᠷ ᠭᠷᠠᠳᠦ᠋ᠰ ᠴᠠᠬᠢᠯᠭᠠᠨ ᠭᠠᠷᠭᠠᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠦᠷᠳᠡᠭ ᠢ 24.2 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠣ ᠦᠢᠯᠡᠳᠪᠦᠷᠢ ᠶᠢᠨ ᠠᠵᠣ ᠠᠬᠤᠶᠢᠯᠠᠯ ᠳᠡᠰ ᠳᠡᠪᠰᠢᠯᠲᠡ ᠶᠢ ᠪᠡᠶᠡᠯᠡᠭᠦᠯᠦᠨ᠂ ᠱᠧᠨ ᠨᠧᠩ ᠣᠮᠠᠷᠠᠲᠤ ᠶᠢᠨ ᠡᠨᠧᠷᠬᠢ ᠨᠡᠬᠡᠭᠡᠨ ᠬᠦᠭᠵᠢᠭᠦᠯᠬᠦ ᠬᠢᠵᠠᠭᠠᠷᠲᠤ ᠺᠣᠮᠫᠠᠨᠢ ᠬᠡᠪᠴᠢᠶᠡᠵᠢᠯ ᠠᠴᠠ ᠳᠠᠪᠠᠵᠣ ᠲᠤᠭ᠎ᠠ ᠪᠦᠷᠢᠳᠭᠡᠯ ᠳᠤ ᠣᠷᠣᠵᠣ᠂ ᠮᠠᠩᠯᠠᠢ ᠨᠡᠭᠦᠷᠡᠰᠦᠨ ᠠᠭᠤᠷᠬᠠᠶ ᠣᠶᠤᠨᠴᠢᠯᠠᠭᠰᠠᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠤᠨ ᠤ ᠡᠬᠦᠷᠭᠡ ᠪᠠᠨ ᠪᠡᠶᠡᠯᠡᠭᠦᠯᠵᠦ᠂ 2 ᠠᠵᠤ ᠠᠬᠤᠶᠢᠯᠠᠯ ᠨᠢ ᠥᠪᠥᠷ ᠮᠣᠩᠭᠤᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠨ᠂ 2 ᠤᠯᠠᠭᠠᠨ ᠢᠳᠡᠭᠡᠨ ᠤ ᠺᠣᠮᠫᠠᠨᠢ ᠨᠢ ᠣᠷᠣᠨ ᠤ ᠲᠠᠰ ᠤᠨ ᠪᠣᠬᠢᠷᠲᠤᠯ ᠥᠬᠡᠶ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠨᠢᠭᠡᠴᠡ ᠶᠢ ᠡᠭᠦᠳᠦᠨ ᠪᠠᠶᠢᠭᠤᠯᠪᠠ᠃ ᠦᠢᠯᠡᠴᠢᠯᠡᠭᠡᠨ ᠤ ᠦᠢᠯᠡᠰ ᠤᠨ ᠲᠣᠭᠲᠠᠭᠤᠨ ᠬᠦᠭᠵᠢᠯᠲᠡ ᠶᠢ ᠪᠠᠲᠤᠯᠠᠪᠠ᠃ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠲᠣᠭᠤᠷᠢᠯᠲᠠ ᠶᠢᠨ ᠵᠠᠮ ᠤᠨ ᠰᠠᠭᠤᠷᠢ ᠲᠥᠬᠦᠭᠡᠷᠦᠮᠵᠢ ᠶᠢ ᠢᠳᠡᠭ ᠢᠳᠡᠭ ᠢᠶᠠᠷ ᠲᠡᠭᠦᠯᠳᠡᠷᠵᠢᠭᠦᠯᠪᠡ᠃ ᠮᠣᠩᠭᠤᠯ ᠮᠣᠷᠢᠨ ᠤ ᠬᠤᠯᠪᠣᠭᠠᠲᠣ ᠣᠷᠣᠯᠳᠣᠭᠠᠨ ᠤ ᠰᠢᠭᠰᠢᠭᠡ ᠣᠷᠣᠯᠳᠣᠭᠠᠨ᠂ ︽ᠭᠤᠪᠢ ᠶᠢᠨ ᠵᠠᠪᠢ︾ ᠲᠡᠮᠡᠭᠡᠨ ᠰᠣᠶᠣᠯ ᠤᠨ ᠨᠠᠶᠢᠷ᠂ ︽ᠰᠥᠨᠢᠳ︾ ᠬᠤᠨᠳᠠᠭᠠᠲᠤ ᠪᠥᠬᠡ ᠶᠢᠨ ᠨᠢᠭᠡᠴᠡ ᠶᠢᠨ ᠤᠷᠤᠯᠳᠤᠭᠠᠨ ᠵᠢᠴᠢ ᠣᠯᠠᠨᠨᠠᠭᠤᠷ ᠡᠯᠡᠰᠦᠨ ᠴᠦᠯ ᠤᠨ ᠮᠠᠰᠢᠨ ᠲᠡᠷᠭᠡᠨ ᠤ ᠤᠷᠤᠯᠳᠤᠭᠠᠨ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠡᠷᠬᠢᠯᠡᠨ ᠶᠠᠪᠣᠭᠳᠠᠭᠤᠯᠵᠣ᠂ 3 ᠲᠦᠮᠡ ᠭᠠᠷᠤᠶ ᠬᠥᠮᠦᠨ ᠤᠳᠠᠭ᠎ᠠ ᠶᠢᠨ ᠵᠢᠭᠤᠯᠴᠢᠯᠠᠭᠴᠢᠳ ᠢ ᠬᠥᠯᠢᠶᠡᠨ ᠵᠣᠴᠢᠯᠠᠪᠠ᠃ ᠠᠷᠠᠯᠵᠢᠶ᠎ᠠ ᠬᠤᠳᠠᠯᠳᠤᠭ᠎ᠠ᠂ ᠲᠠᠸᠠᠷ ᠤᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠲᠡᠭᠦᠯᠳᠡᠷᠵᠢᠬᠦᠯᠵᠤ᠂ ᠪᠥᠬᠦ ᠠᠶᠢᠮᠠᠭ ᠤᠨ ᠠᠩᠬᠠᠳᠠᠭᠴᠢ ︽ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠡᠶᠢᠭᠡᠮ ᠲᠣᠭᠤᠷᠢᠭ ᠤᠨ ᠬᠤᠭᠤᠯᠠᠨ ᠬᠡᠷ︾ ᠢ ᠪᠠᠶᠢᠭᠤᠯᠵᠤ᠂ 9 ᠭᠠᠴᠠᠭ᠎ᠠ ᠳᠡᠰ ᠤᠨ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠬᠤᠷᠰᠢᠶ᠎ᠠ ᠶᠢ ᠰᠢᠨ᠎ᠡ ᠪᠠᠷ ᠪᠠᠶᠢᠭᠤᠯᠪᠠ᠃ ᠡᠯᠧᠺᠲᠷᠣᠨ ᠬᠤᠳᠠᠯᠳᠤᠭ᠎ᠠ ᠨᠡᠪᠴᠢᠬᠦᠯᠦᠨ ᠬᠦᠭᠵᠢᠬᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠣ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠪᠣᠳᠠᠭᠠᠯᠢ ᠲᠤᠭ᠎ᠠ ᠶᠢ 74 ᠡᠷᠦᠬᠡ ᠳᠤ ᠬᠦᠷᠭᠡᠪᠡ᠃ 7 ᠡᠷᠦᠬᠡ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠬᠡᠨ ᠤ ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠦᠶ᠋ᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠢ ᠵᠢᠱᠢᠯᠲᠡ ᠪᠠᠷ 14.5 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠵᠠᠬ᠎ᠠ ᠳᠡᠯᠭᠡᠭᠦᠷ ᠤᠨ ᠪᠡᠶᠡᠴᠢ ᠴᠣᠭᠴᠠ 4200 ᠭᠠᠷᠤᠢ ᠡᠷᠦᠬᠡ ᠬᠦᠷᠴᠦ᠂ ᠳᠠᠩᠰᠠᠯᠠᠭᠤᠯᠤᠭᠰᠠᠨ ᠪᠡᠯᠡ ᠮᠥᠩᠭᠦ 123.7 ᠳ᠋ᠦᠩᠰᠢᠭᠤᠷ ᠲᠥᠭᠦᠷᠢᠭ ᠲᠤ ᠬᠦᠷᠪᠡ᠃    ︵ᠭᠤᠷᠪᠠ︶ ᠠᠮᠢ ᠠᠬᠤᠶ ᠶᠢᠨ ᠬᠠᠮᠠᠭᠠᠯᠠᠯᠲᠠ ᠶᠢᠨ ᠦᠷ᠎ᠡ ᠪᠦᠲᠦᠮᠵᠢ ᠢᠯᠡᠷᠬᠡᠢ᠃ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠪᠠ᠃ 3 ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ 80.1 ᠲᠦᠮᠡᠨ ᠮᠥ ᠶᠢᠨ ᠪᠥᠲᠥᠭᠡᠨ ᠪᠠᠶᠢᠭᠤᠯᠬᠤ ᠡᠬᠦᠷᠭᠡ ᠪᠠᠨ ᠪᠡᠶᠡᠯᠡᠭᠦᠯᠵᠦ᠂ ᠲᠥᠷᠥᠯ ᠵᠦᠢᠯ ᠤᠨ ᠣᠷᠣᠨ ᠪᠦᠰᠡ ᠳᠤ ᠪᠥᠬᠦ ᠲᠠᠯ᠎ᠠ ᠪᠠᠷ ᠪᠡᠯᠴᠢᠭᠡᠷᠯᠡᠭᠦᠯᠬᠦ ᠶᠢ ᠵᠤᠭᠰᠤᠭᠠᠪᠠ᠃ ᠪᠡᠯᠴᠢᠭᠡᠷ ᠤᠨ ᠲᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠨᠡᠯᠢᠶᠡᠳ ᠪᠥᠲᠦᠮᠵᠢ ᠲᠠᠢ ᠰᠢᠢᠳᠪᠦᠷᠢᠯᠡᠵᠦ᠂ ᠣᠷᠣᠨ ᠤ ᠬᠢᠨᠠᠨ ᠰᠢᠯᠭᠠᠯᠲᠠ ᠳᠤ ᠰᠢᠯᠢᠳᠡᠭ ᠳᠡᠰ ᠢᠶᠠᠷ ᠦᠨᠡᠯᠡᠭᠳᠡᠪᠡ᠃ ᠣᠷᠴᠢᠨ ᠠᠬᠤᠶ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠦᠯᠲᠡ ᠶᠢ ᠪᠥᠬᠦ ᠲᠠᠯ᠎ᠠ ᠪᠠᠷ ᠴᠢᠩᠭᠠᠳᠬᠠᠪᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠤᠨ ᠴᠡᠭᠴᠡᠯᠡᠨ ᠵᠠᠰᠠᠬᠤ ᠣᠨ ᠤ ᠡᠭᠦᠷᠭᠡ ᠶᠢ ᠴᠠᠭ ᠲᠤᠬᠠᠢ ᠳᠤ ᠨᠢ ᠪᠡᠶᠡᠯᠡᠭᠦᠯᠵᠦ᠂ ᠥᠪᠡᠷᠲᠡᠭᠡᠨ ᠵᠠᠰᠠᠬᠤ ᠤᠷᠤᠨ ᠤ ᠣᠷᠴᠢᠨ ᠠᠬᠤᠢ ᠶᠢᠨ ᠬᠠᠮᠠᠭᠠᠯᠠᠯᠲᠠ ᠶᠢᠨ ᠱᠠᠯᠠᠪᠲᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠵᠤ᠂ ᠠᠭᠠᠷ ᠤᠨ ᠶᠠᠰᠤ ᠴᠢᠨᠠᠷ ᠪᠠᠷᠢᠮᠵᠢᠶ᠎ᠠ ᠳᠤ ᠬᠦᠷᠴᠦ᠂ ᠤᠤᠭᠤᠬᠤ ᠤᠰᠤᠨ ᠤ ᠶᠠᠰᠤ ᠴᠢᠨᠠᠷ ᠤᠨ ᠬᠢᠨᠠᠨ ᠬᠡᠮᠵᠢᠯᠲᠡ ᠶᠢᠨ ᠬᠢᠷᠢ ᠲᠡᠩᠴᠡᠭᠰᠡᠨ ᠨᠣᠷᠮ᠎ᠠ 100% ᠳᠤ ᠬᠦᠷᠴᠦ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠶᠠᠰᠤ ᠴᠢᠨᠠᠷ ᠶᠡᠷᠦᠩᠬᠡᠶ ᠳᠡᠭᠡᠨ ᠲᠣᠭᠲᠠᠪᠤᠷᠢᠲᠠᠢ᠃ ᠪᠣᠬᠢᠷᠲᠤᠯ ᠦᠭᠡᠢ ᠳᠤᠤᠷ᠎ᠠ ᠨᠡᠭᠦᠷᠡᠰᠦᠲᠦ᠋ᠷᠦᠭᠴᠢᠲᠦ ᠠᠵᠤ ᠠᠬᠤᠶ ᠵᠢᠷᠤᠮᠵᠢᠭᠤᠨ ᠬᠥᠭᠵᠢᠪᠡ᠃ ᠰᠤᠯᠠ ᠬᠠᠶᠠᠭᠳᠠᠭᠰᠠᠨ ᠭᠠᠵᠠᠷ ᠰᠢᠷᠤᠢ ᠶᠢᠨ ᠡᠬᠢ ᠪᠠᠶᠠᠯᠢᠭ ᠢ ᠴᠡᠭᠴᠡᠯᠡᠬᠦ ᠡᠭᠦᠷᠭᠡ ᠶᠢ ᠠᠮᠵᠢᠯᠲᠠ ᠲᠠᠢ ᠪᠡᠶᠡᠯᠡᠬᠦᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠤᠨ ᠠᠰᠢᠭᠯᠠᠮᠵᠢ ᠶᠢᠨ ᠤᠷᠤᠯᠭ᠎ᠠ 6.96 ᠳ᠋ᠦᠩᠰᠢᠭᠤᠷ ᠲᠥᠭᠦᠷᠢᠭ ᠲᠤ ᠬᠦᠷᠪᠡ᠃ 4625 ᠲᠦᠮᠡᠨ ᠲᠥᠭᠦᠷᠢᠭ ᠣᠷᠣᠭᠤᠯᠵᠤ᠂ ᠠᠭᠤᠷᠬᠠᠶ ᠶᠢᠨ ᠣᠷᠤᠨ ᠤ ᠵᠠᠰᠠᠯᠲᠠ ᠶᠢ 1.6 ᠲᠡᠭᠰᠢ ᠳᠥᠷᠪᠡᠯᠵᠢᠨ ᠺᠢᠯᠣᠮᠧᠳ᠋ᠷ ᠪᠡᠶᠡᠯᠡᠭᠦᠯᠵᠦ᠂ ᠵᠦᠩ ᠾᠧ ᠦᠷᠡᠨ ᠤ ᠠᠭᠤᠷᠬᠠᠶ ᠨᠢ ᠪᠣᠬᠢᠷᠲᠤᠯ ᠥᠬᠡᠶ ᠠᠭᠤᠷᠬᠠᠶ ᠶᠢᠨ ᠪᠠᠶᠢᠭᠤᠯᠤᠯᠲᠠ ᠶᠢᠨ ᠪᠡᠶᠡᠴᠢ ᠦᠨᠡᠯᠡᠯᠲᠡ ᠬᠢᠵᠦ᠂ ᠠᠭᠤᠷᠬᠠᠢ ᠮᠠᠯᠲᠠᠭᠰᠠᠨ ᠨᠦᠬᠡ ᠶᠢ ᠴᠡᠭᠴᠡᠯᠡᠨ ᠵᠠᠰᠠᠬᠤ ᠢᠨᠵᠧᠨᠧᠷᠢᠩ ᠢ ᠪᠡᠶᠡᠯᠡᠭᠦᠯᠪᠡ᠃    ︵ᠳᠥᠷᠪᠡ︶ ᠬᠤᠲᠠ ᠬᠥᠳᠡᠭᠡ ᠶᠢᠨ ᠳᠦᠷᠢ ᠳᠥᠷᠬᠦ ᠦᠷᠭᠦᠯᠵᠢᠯᠡᠨ ᠰᠠᠢᠵᠢᠷᠠᠪᠠ᠃ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠳᠡᠭᠡᠭᠰᠢᠯᠡᠯᠲᠡ ᠲᠠᠢ ᠪᠣᠯᠪᠠ᠃    ︽ᠳᠣᠯᠠᠭᠠᠯᠠᠯᠭ᠎ᠠ ᠶᠢᠨ ᠢᠨᠵᠧᠨᠧᠷᠢᠩ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 3 ᠢᠯᠴᠢ ᠰᠣᠯᠢᠬᠤ ᠦᠷᠳᠡᠭᠡ ᠶᠢ ᠰᠢᠨ᠎ᠡ ᠪᠠᠷ ᠪᠠᠶᠢᠭᠤᠯᠵᠤ᠂ 13.2 ᠺᠢᠯᠣᠮᠧᠳ᠋ᠷ ᠤᠨ ᠳᠣᠯᠠᠭᠠᠯᠠᠯᠭ᠎ᠠ ᠶᠢᠨ ᠬᠤᠭᠤᠯᠠᠢ ᠶᠢ ᠦᠭᠡᠷᠡᠴᠢᠯᠡᠨ ᠰᠠᠶᠢᠵᠢᠷᠠᠭᠤᠯᠵᠤ᠂ ︽ᠡᠪᠦᠯ ᠤᠨ ᠭᠡᠮ ᠢ ᠵᠤᠨ ᠵᠠᠰᠠᠬᠤ︾ ᠠᠵᠢᠯ ᠢ ᠰᠠᠶᠢᠳᠣᠷ ᠪᠡᠶᠡᠯᠡᠭᠦᠯᠪᠡ᠃ ᠮᠠᠨᠳᠠᠯᠲᠣ ᠪᠠᠯᠭᠠᠰᠤ ᠶᠢᠨ ᠦᠶᠡᠷ ᠠᠴᠠ ᠰᠡᠷᠭᠡᠶᠢᠯᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠬᠦᠯᠵᠦ᠂ ᠪᠣᠬᠢᠷ ᠤᠰᠤᠨ ᠤ ᠬᠤᠭᠤᠯᠠᠢ ᠶᠢ 45.6 ᠺᠢᠯᠤᠮᠧᠳ᠋ᠷ ᠴᠡᠪᠡᠷᠰᠢᠭᠦᠯᠪᠡ᠃ ᠶᠢᠨ ᠱᠠᠩ ᠶᠤᠸᠠᠨ᠂ ᠵᠢᠩ ᠶᠤᠸᠠᠨ ᠬᠤᠸᠠ ᠹᠦ᠋ ᠵᠡᠷᠭᠡ 2 ᠰᠠᠭᠤᠭᠠᠯᠢ ᠲᠣᠭᠤᠷᠢᠭ ᠰᠠᠭᠤᠷᠢᠰᠢᠬᠤ ᠨᠥᠬᠦᠴᠡᠯ ᠢ ᠪᠦᠷᠢᠳᠦᠭᠦᠯᠵᠦ᠂ ᠰᠤᠷᠭᠠᠨ ᠬᠥᠮᠦᠵᠢᠯ ᠤᠨ ᠰᠠᠭᠤᠭᠠᠯᠢ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠭᠤᠣᠯ ᠴᠣᠭᠴᠠ ᠶᠢᠨ ᠠᠵᠢᠯ ᠢ ᠳᠠᠭᠤᠰᠬᠠᠪᠠ᠃ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠠᠵᠢᠯ ᠢ ᠭᠦᠨᠵᠡᠭᠡᠢ ᠲᠦᠯᠬᠢᠨ ᠠᠬᠢᠭᠤᠯᠪᠠ᠃ ᠪᠥᠬᠦ ᠵᠢᠯ ᠳᠤ ᠡᠯ᠎ᠡ ᠱᠠᠲᠤᠨ ᠤ ᠪᠡᠯᠡ ᠮᠥᠩᠭᠦ ᠶᠢ 6031 ᠲᠦᠮᠡᠨ ᠲᠥᠭᠦᠷᠢᠭ ᠵᠠᠷᠤᠴᠠᠭᠤᠯᠵᠤ᠂ 24 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠦᠢᠯ ᠢ ᠬᠡᠷᠡᠭᠵᠢᠭᠦᠯᠵᠦ᠂ 85% ᠶᠢᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠢ 20 ᠲᠦᠮᠡᠨ ᠲᠦᠬᠦᠷᠢᠭ ᠠᠴᠠ ᠳᠡᠭᠡᠭᠰᠢ ᠲᠤᠭᠲᠠᠪᠤᠷᠢᠵᠢᠪᠠ᠃ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠷᠦᠬᠡ ᠪᠦᠷᠢ ᠳᠤ ᠭᠠᠩ ᠲᠠᠢ ᠲᠡᠮᠡᠴᠡᠨ᠂ ᠠᠵᠤ ᠦᠢᠯᠡᠰ ᠬᠦᠭᠵᠢᠭᠦᠯᠬᠦ ᠪᠠ ᠠᠵᠢᠯ ᠣᠯᠭᠤᠯᠲᠠ ᠶᠢᠨ ᠨᠥᠬᠦᠪᠦᠷᠢ ᠶᠢ 8000 ᠲᠥᠭᠦᠷᠢᠭ ᠤᠨ ᠪᠠᠷᠢᠮᠵᠢᠶ᠎ᠠ ᠪᠠᠷ ᠣᠯᠭᠤᠵᠤ᠂ ᠣᠷᠣᠯᠭ᠎ᠠ ᠶᠢᠨ ᠲᠥᠪᠰᠢᠨ ᠪᠠᠭᠤᠷᠠᠬᠤ ᠦᠭᠡᠢ ᠪᠠᠶᠢᠬᠤ ᠶᠢ ᠪᠠᠲᠤᠯᠠᠪᠠ᠃ 236 ᠡᠷᠦᠬᠡ ᠶᠢᠨ ᠵᠣᠷᠯᠣᠩ ᠢ ᠴᠡᠭᠴᠡᠯᠡᠨ ᠵᠠᠰᠠᠨ ᠰᠢᠨ᠎ᠡ ᠪᠠᠷ ᠪᠠᠶᠢᠭᠤᠯᠵᠤ᠂ 21 ᠡᠷᠦᠬᠡ ᠶᠢᠨ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ᠃ 45 ᠭᠠᠴᠠᠭᠠᠨ ᠤ ᠨᠤᠲᠤᠭ ᠪᠡᠯᠴᠢᠭᠡᠷ ᠳᠠᠭᠠᠭᠠᠴᠢᠯᠠᠬᠤ ᠡᠷᠬᠡ ᠶᠢ ᠨᠤᠲᠠᠯᠠᠬᠤ ᠠᠵᠢᠯ ᠢ ᠪᠡᠶᠡᠯᠡᠭᠦᠯᠵᠦ᠂ ᠪᠡᠶᠡᠯᠡᠭᠦᠯᠦᠭᠰᠡᠨ ᠨᠣᠷᠮ᠎ᠠ ᠨᠢ 92% ᠲᠤ ᠬᠥᠷᠪᠡ᠃ ᠣᠯᠠᠭᠠᠨᠱᠠᠩᠲᠤ ᠭᠠᠴᠠᠭ᠎ᠠ ᠶᠢ ᠰᠢᠨ᠎ᠡ ᠪᠠᠷ ᠪᠠᠶᠢᠭᠤᠯᠵᠤ᠂ ᠣᠳᠠᠭᠠᠨ ᠵᠢᠯ ᠤᠨ ᠲᠡᠤᠬᠡᠨ ᠦᠯᠡᠳᠡᠭᠳᠡᠯ ᠤᠨ ᠠᠰᠠᠭᠤᠳᠠᠯ ᠢ ᠰᠢᠢᠳᠪᠤᠷᠢᠯᠡᠪᠡ᠃ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠬᠦᠯᠪᠡ᠃ 26 ᠬᠤᠳᠳᠤᠭ᠂ 9 ᠤᠰᠤᠨ ᠵᠣᠭᠤᠷᠢ ᠶᠢ ᠰᠢᠨ᠎ᠡ ᠪᠠᠷ ᠪᠠᠶᠢᠭᠤᠯᠵᠤ᠂ 1 ᠰᠣᠮᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠪᠠ 2 ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠳᠠᠭᠤᠰᠬᠠᠪᠠ᠃ 10 ᠺᠢᠯᠤᠸᠠᠯᠲ ᠵᠢᠴᠢ ᠲᠡᠭᠦᠨ ᠠᠴᠠ ᠳᠣᠷᠣᠭᠰᠢᠬᠢ ᠴᠠᠬᠢᠯᠭᠠᠨ ᠲᠣᠣᠷ ᠤᠨ ᠢᠨᠵᠧᠨᠧᠷᠢᠩ ᠢ 107 ᠺᠢᠯᠣᠮᠧᠳ᠋ᠷ ᠪᠦᠲᠦᠭᠡᠨ ᠪᠠᠶᠢᠭᠤᠯᠵᠤ᠂ 324 ᠡᠷᠥᠭᠡ ᠳᠤ ᠪᠠᠶᠢᠩᠭᠤ ᠶᠢᠨ ᠴᠠᠬᠢᠯᠭᠠᠨ ᠨᠡᠪᠲᠡᠷᠡᠬᠦᠯᠵᠤ᠂ ᠮᠠᠯᠵᠢᠬᠤ ᠣᠷᠣᠨ ᠤ ᠴᠠᠬᠢᠯᠭᠠᠨ ᠨᠡᠪᠲᠡᠷᠡᠭᠰᠡᠨ ᠨᠤᠷᠮ᠎ᠠ ᠶᠢ 43% ᠠᠴᠠ ᠳᠡᠭᠡᠭᠰᠢ ᠪᠤᠯᠭᠠᠪᠠ᠃ 13 ᠺᠢᠯᠤᠮᠧᠳ᠋ᠷ ᠮᠠᠯᠵᠢᠬᠤ ᠣᠷᠣᠨ ᠤ ᠵᠠᠰᠠᠮᠠᠯ ᠵᠠᠮ ᠢ ᠵᠠᠰᠠᠵᠤ᠂ 22 ᠰᠠᠭᠤᠷᠢ ᠲᠤᠬᠢᠶᠠᠨ ᠤ ᠥᠷᠲᠡᠭᠡ ᠶᠢ ᠰᠢᠨ᠎ᠡ ᠪᠠᠷ ᠪᠠᠶᠢᠭᠤᠯᠵᠤ᠂ ᠷᠠᠳᠢᠣ᠋ ᠲᠧᠯᠸᠢᠰ ᠤᠨ ᠲᠤᠬᠢᠶᠠᠨ ᠤ ᠪᠦᠷᠬᠦᠴᠡ ᠶᠢᠨ ᠨᠣᠷᠮ᠎ᠠ ᠶᠢ 86% ᠠᠴᠠ ᠳᠡᠭᠡᠭᠰᠢ ᠳᠤ ᠬᠦᠷᠦᠬᠦᠯᠪᠡ᠃    ︵ᠲᠠᠪᠤ︶ ᠠᠷᠠᠳ ᠤᠨ ᠠᠮᠢᠳᠤᠷᠠᠯ ᠤᠨ ᠪᠠᠲᠤᠯᠠᠭ᠎ᠠ ᠡᠳᠦᠷ ᠢᠷᠡᠬᠦᠶ᠎ᠡ ᠳᠡᠭᠡᠭᠰᠢᠯᠡᠪᠡ᠃ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠲᠤ ᠬᠡᠷᠡᠭᠯᠡᠭᠰᠡᠨ ᠣᠷᠣᠭᠤᠯᠤᠯᠲᠠ 10.5 ᠳ᠋ᠦᠩᠰᠢᠭᠤᠷ ᠲᠥᠭᠦᠷᠢᠭ ᠲᠤ ᠬᠦᠷᠴᠦ᠂ ᠤᠷᠤᠨ ᠨᠣᠲᠤᠭ ᠤᠨ ᠡᠳ᠋ ᠤᠨ ᠵᠠᠰᠠᠭ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 64.7 % ᠶᠢ ᠡᠵᠡᠯᠡᠪᠡ᠃ ᠨᠡᠶᠢᠬᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢ ᠯᠠᠪᠳᠠᠭᠤᠨ ᠢᠶᠠᠷ ᠠᠬᠢᠭᠤᠯᠪᠠ᠃ ᠨᠠᠰᠤᠵᠢᠯ ᠤᠨ ᠠᠰᠠᠷᠠᠮᠵᠢ ᠪᠠ ᠠᠯᠪᠠᠨ ᠭᠡᠮᠲᠦᠯ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠬᠦ ᠡᠬᠦᠷᠭᠡ ᠬᠢᠬᠡᠳ ᠠᠵᠢᠯ ᠣᠯᠭᠤᠬᠤ 4 ᠲᠦᠷᠦᠯ ᠤᠨ ᠭᠦᠶ᠋ᠴᠡᠳᠬᠡᠯ ᠲᠤᠭ᠎ᠠ ᠶᠢ ᠪᠡᠶᠡᠯᠡᠭᠦᠯᠦᠭᠰᠡᠨ ᠨᠣᠷᠮ᠎ᠠ ᠨᠢ ᠪᠥᠬᠦ ᠠᠶᠢᠮᠠᠭ ᠲᠤ ᠭᠤᠳᠠᠭᠠᠷᠯᠠᠪᠠ᠃ ᠠᠩᠬᠠᠳᠠᠭᠴᠢ ︽ᠴᠡᠷᠢᠭ ᠠᠴᠠ ᠬᠠᠯᠠᠭᠳᠠᠭᠰᠠᠳ ᠤᠨ ᠬᠦᠳᠡᠭᠡ ᠲᠤᠰᠬᠤᠨ ᠳᠤ ᠦᠢᠯᠡᠰ ᠪᠤᠰᠬᠠᠬᠤ ᠵᠢᠱᠢᠶ᠎ᠡ ᠦᠵᠡᠬᠦᠯᠬᠦ ᠰᠠᠭᠤᠷᠢᠨ ᠭᠠᠵᠠᠷ︾ ᠢ ᠪᠠᠶᠢᠭᠤᠯᠪᠠ᠃ ᠪᠥᠬᠦ ᠵᠢᠯ ᠳᠤ ᠬᠥᠯᠥᠰᠥᠨ ᠠᠵᠢᠯᠴᠢᠨ ᠳᠤ ᠦᠷᠢᠲᠤᠵᠤ ᠪᠠᠶᠢᠭ᠎ᠠ ᠴᠠᠯᠢᠩ 634 ᠲᠦᠮᠡᠨ ᠲᠥᠭᠦᠷᠢᠭ ᠢ ᠬᠠᠤᠯᠢ ᠶᠣᠰᠣᠭᠠᠷ ᠨᠡᠬᠡᠮᠵᠢᠯᠡᠨ ᠤᠯᠭᠤᠵᠤ᠂ ᠡᠯ᠎ᠡ ᠲᠥᠷᠥᠯ ᠤᠨ ᠨᠡᠶᠢᠭᠡᠮ ᠤᠨ ᠲᠤᠰᠠᠯᠠᠮᠵᠢ᠂ ᠥᠨᠥᠴᠢᠨ ᠵᠡᠮᠳᠡᠭ ᠵᠢᠴᠢ ᠨᠠᠰᠤᠵᠢᠯ ᠤᠨ ᠨᠥᠬᠦᠪᠥᠷᠢ ᠶᠢ 1581 ᠲᠦᠮᠡᠨ ᠲᠥᠭᠦᠷᠢᠭ ᠲᠠᠷᠬᠠᠭᠠᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢ ᠨᠡᠶᠢᠳᠡᠮ ᠪᠦᠷᠬᠦᠬᠦᠯᠪᠡ᠃ ᠰᠤᠷᠭᠠᠨ ᠬᠥᠮᠦᠵᠢᠯ ᠤᠨ ᠠᠵᠢᠯ ᠲᠤᠭᠲᠠᠭᠤᠨ ᠳᠡᠭᠡᠭᠰᠢᠯᠡᠪᠡ᠃ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠢ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠦᠶ᠋ᠯᠡᠴᠢᠯᠡᠭᠡᠨ ᠤ ᠲᠥᠪ ᠤᠨ ᠣᠷᠣᠨ ᠲᠤᠭ᠎ᠠ ᠶᠢ ᠨᠡᠮᠡᠭᠳᠡᠭᠦᠯᠦᠨ᠂ 5 ᠰᠤᠷᠭᠠᠭᠤᠯᠢ ᠶᠢᠨ ᠵᠠᠬᠢᠷᠤᠯ ᠳᠤ ᠲᠣᠬᠢᠷᠠᠭᠤᠯᠤᠯᠲᠠ ᠬᠢᠵᠣ᠂ ᠵᠢᠭᠠᠬᠤ ᠶᠢ ᠰᠤᠳᠤᠯᠤᠭᠴᠢ ᠪᠠ ᠪᠠᠭᠰᠢ ᠶᠢᠨ ᠡᠩᠨᠡᠭᠡ ᠶᠢᠨ ᠪᠦᠲᠦᠬᠡᠨ ᠪᠠᠶᠢᠭᠤᠯᠤᠯᠲᠠ ᠶᠢ ᠴᠢᠩᠭᠠᠳᠬᠠᠪᠠ᠃ ᠨᠢᠭᠡᠳᠦᠭᠡᠷ ᠪᠠᠭ᠎ᠠ ᠰᠤᠷᠭᠠᠭᠤᠯᠢ ᠶᠢᠨ ᠬᠥᠯ ᠪᠥᠮᠪᠦᠭᠡ ᠶᠢᠨ ᠣᠷᠳᠣᠨ ᠢ ᠵᠠᠰᠠᠨ ᠦᠬᠡᠷᠡᠴᠢᠯᠡᠬᠦ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠠᠰᠠᠷ ᠢ ᠥᠷᠭᠡᠳᠬᠡᠨ ᠪᠠᠶᠢᠭᠤᠯᠬᠤ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠡᠶ᠎ᠡ ᠲᠠᠮᠢᠷ ᠤᠨ ᠣᠷᠳᠣᠨ ᠢ ᠪᠠᠬᠢᠵᠢᠬᠦᠯᠦᠨ ᠵᠠᠰᠠᠬᠤ ᠲᠥᠷᠥᠯ ᠵᠦᠢᠯ ᠢ ᠪᠡᠶᠡᠯᠡᠬᠦᠯᠪᠡ᠃ ᠡᠮᠴᠢᠯᠡᠭᠡᠨ ᠤ ᠨᠥᠬᠦᠴᠡᠯ ᠢᠯᠡᠳᠳᠡ ᠰᠠᠶᠢᠵᠢᠷᠠᠪᠠ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠲᠠᠢ ᠨᠢᠭᠲᠠ ᠬᠠᠷᠢᠴᠠᠭ᠎ᠠ ᠪᠠᠶᠢᠭᠤᠯᠪᠠ᠃ 10 ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠢ ᠡᠯᠰᠡᠪᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠥᠭᠡᠷᠡᠴᠢᠯᠡᠯᠲᠡ ᠶᠢ ᠪᠡᠶᠡᠯᠡᠬᠦᠯᠵᠤ᠂ ᠶᠡᠷᠦᠩᠬᠡᠶᠢᠯᠡᠭᠰᠡᠨ ᠡᠪᠡᠳᠴᠢᠲᠡᠨ ᠤ ᠥᠷᠥᠭᠡ ᠶᠢᠨ ᠠᠰᠠᠷ ᠠᠰᠢᠭᠯᠠᠯᠲᠠ ᠳᠤ ᠤᠷᠤᠵᠤ᠂ ᠬᠡᠪᠡᠯᠢ ᠶᠢᠨ ᠬᠥᠨᠳᠡᠶ ᠶᠢᠨ ᠳᠤᠷᠠᠨ ᠤ ᠰᠠᠯᠠᠭ᠎ᠠ ᠪᠠ ᠴᠢᠰᠤ ᠨᠡᠪᠴᠢᠭᠦᠯᠦᠨ ᠢᠯᠭᠠᠷᠠᠭᠤᠯᠬᠤ ᠰᠠᠯᠠᠭ᠎ᠠ ᠶᠢ ᠰᠢᠨ᠎ᠡ ᠪᠠᠷ ᠪᠠᠶᠢᠭᠤᠯᠪᠠ᠃ ᠨᠠᠰᠤᠲᠠᠶᠢᠴᠤᠳ ᠲᠤ ᠲᠦᠯᠦᠪᠦᠷᠢ ᠥᠬᠡᠶ ᠪᠠᠷ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠬᠦ ᠬᠡᠪᠴᠢᠶ᠎ᠡ ᠶᠢ ᠦᠷᠭᠡᠳᠬᠡᠵᠦ᠂ ᠡᠮᠡᠭᠲᠡᠶᠢᠴᠦᠳ ᠤᠨ ︽ᠬᠤᠶᠠᠷ ᠥᠮᠡᠨ︾ ᠢ ᠰᠢᠭᠰᠢᠨ ᠪᠠᠶᠢᠴᠠᠭᠠᠬᠤ ᠡᠭᠦᠷᠭᠡ ᠶᠢ ᠪᠦᠬᠦᠨ ᠢ ᠪᠡᠶᠡᠯᠡᠬᠦᠯᠪᠡ᠃ ᠬᠥᠮᠦᠨ ᠳᠤ ᠬᠠᠯᠳᠠᠪᠤᠷᠢᠯᠠᠭᠰᠠᠨ ᠬᠤᠯᠤᠭᠠᠨ᠎ᠠ ᠬᠢᠵᠢᠭ ᠤᠨ ᠡᠪᠡᠳᠴᠢᠨ ᠤ ᠵᠢᠱᠢᠶ᠎ᠡ 1 ᠶᠢ ᠥᠨᠳᠥᠷ ᠪᠦᠲᠦᠮᠵᠢᠲᠡᠶ ᠪᠠᠷ ᠰᠢᠢᠳᠪᠤᠷᠢᠯᠡᠪᠡ᠃ ᠰᠣᠶᠣᠯ ᠤᠨ ᠦᠢᠯᠡᠰ ᠴᠡᠴᠡᠭᠯᠡᠨ ᠬᠥᠭᠵᠢᠪᠡ᠃ 23 ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠦᠲᠦᠭᠡᠵᠦ᠂ 137 ᠲᠠᠯᠠᠪᠤᠷ ᠡᠯ᠎ᠡ ᠲᠦᠷᠦᠯ ᠤᠨ ᠤᠯᠠᠨ ᠲᠦᠮᠡᠨᠴᠢ ᠴᠢᠨᠠᠷᠲᠠᠶ᠂ ᠬᠠᠯᠠᠮᠵᠢᠯᠠᠯ ᠬᠦᠷᠲᠡᠭᠡᠬᠦ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ 13.6 ᠲᠦᠮᠡᠨ ᠬᠥᠮᠦᠨ ᠤᠳᠠᠭ᠎ᠠ ᠦᠵᠡᠭᠴᠢᠳ ᠢ ᠬᠦᠯᠢᠶᠡᠨ ᠠᠪᠴᠤ ᠵᠣᠴᠢᠯᠠᠪᠠ᠃ ᠤᠯᠠᠭᠠᠨᠮᠥ᠋ᠴᠢᠷ ᠤᠨ ᠪᠣᠯᠪᠠᠰᠤᠷᠠᠯ ᠤᠨ ᠲᠢᠩᠬᠢᠮ ᠤᠨ ᠶᠡᠷᠦᠩᠬᠡᠶᠢᠯᠡᠭᠰᠡᠨ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠠᠯᠲᠠᠨ ᠣᠯᠣᠰ ᠤᠨ ᠤᠷᠳᠤ ᠴᠠᠭᠠᠨ ᠬᠡᠷᠡᠮ ᠤᠨ ᠪᠠᠭᠤᠷᠢ ᠳᠤ ᠬᠤᠯᠪᠣᠭᠳᠠᠭᠰᠠᠨ ᠭᠠᠵᠠᠷ ᠢ ᠡᠷᠭᠢᠭᠦᠯᠦᠨ ᠠᠪᠴᠤ᠂ ᠬᠠᠮᠠᠭᠠᠯᠠᠯᠲᠠ ᠶᠢᠨ ᠳᠦᠬᠦᠬᠡᠷᠤᠮᠵᠢ ᠶᠢ ᠢᠵᠢ ᠪᠦᠷᠢᠳᠦᠬᠦᠯᠵᠤ᠂ ᠬᠠᠮᠢᠶ᠎ᠠ ᠪᠦᠬᠦᠢ ᠠᠰᠠᠭᠤᠳᠠᠯ ᠢ ᠴᠡᠭᠴᠡᠯᠡᠨ ᠵᠠᠰᠠᠪᠠ᠃    ︵ᠵᠢᠷᠭᠤᠭ᠎ᠠ︶ ᠨᠡᠶᠢᠭᠡᠮ ᠤᠨ ᠪᠠᠶᠢᠳᠠᠯ ᠡᠶ᠎ᠡ ᠵᠣᠬᠢᠴᠩᠭᠤᠢ᠃ ᠦᠨᠳᠦᠰᠦᠲᠡᠨ ᠤ ᠪᠦᠯᠬᠦᠮᠳᠡᠯ ᠤᠨ ᠠᠭᠤᠷ ᠠᠮᠢᠰᠬᠤᠯ ᠭᠦᠨ ᠵᠤᠵᠠᠭᠠᠨ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠢᠳᠡᠪᠬᠢᠲᠡᠢ ᠡᠭᠦᠳᠦᠨ ᠪᠠᠶᠢᠭᠤᠯᠵᠤ᠂ ︽ᠤᠯᠤᠰ ᠤᠨ ᠬᠡᠦᠬᠡᠳ︾ ᠭᠤᠣᠯ ᠰᠡᠳᠦᠪᠲᠦ ᠦᠵᠡᠰᠬᠦᠯᠡᠩ ᠤᠨ ᠣᠷᠳᠣᠨ ᠵᠢᠩᠬᠢᠨᠢ ᠪᠠᠷ ᠡᠭᠦᠳᠡ ᠪᠠᠨ ᠨᠡᠭᠡᠭᠡᠵᠦ᠂ ᠪᠥᠬᠦ ᠵᠢᠯ ᠳᠤ 1.6 ᠲᠦᠮᠡ ᠭᠠᠷᠤᠢ ᠬᠥᠮᠥᠨ ᠢ ᠭᠥᠯᠢᠶᠡᠨ ᠠᠪᠤᠪᠠ᠃ ᠠᠮᠤᠷ ᠲᠠᠶᠢᠪᠥᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ ᠡᠷᠡᠭᠦᠦ ᠶᠢᠨ ᠬᠡᠷᠡᠭ ᠤᠨ ᠬᠡᠷᠡᠭ ᠭᠠᠷᠤᠭᠰᠠᠨ ᠨᠤᠷᠮ᠎ᠠ ᠶᠢ 25.3% ᠪᠠᠷ ᠪᠠᠭᠤᠷᠠᠭᠤᠯᠵᠤ᠂ ᠬᠡᠷᠡᠭ ᠢᠯᠡᠷᠡᠭᠦᠯᠦᠭᠰᠡᠨ ᠨᠤᠷᠮ᠎ᠠ ᠶᠢ 9.5% ᠪᠠᠷ ᠳᠡᠭᠡᠭᠰᠢᠯᠡᠭᠦᠯᠪᠡ᠃ ᠵᠠᠮ ᠬᠠᠷᠢᠯᠴᠠᠭᠠᠨ ᠤ ᠠᠳᠡᠯ ᠵᠢᠴᠢ ᠠᠵᠤ ᠠᠬᠤᠢ ᠶᠢᠨ ᠰᠢᠭᠤᠳ ᠬᠤᠬᠢᠷᠠᠯ ᠢ ᠪᠠᠭᠤᠷᠠᠭᠤᠯᠪᠠ᠃ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠭᠰᠡᠨ ᠨᠤᠷᠮ᠎ᠠ ᠨᠢ 100% ᠳᠤ ᠬᠦᠷᠴᠦ᠂ ᠭᠤᠷᠪᠠᠨ ᠵᠢᠯ ᠳᠠᠷᠠᠭᠠᠯᠠᠨ ︽ᠠᠮᠢᠨ ᠬᠡᠷᠡᠭ ᠦᠭᠡᠢ︾ ᠶᠢ ᠪᠠᠲᠤᠯᠠᠪᠠ᠃ ᠠᠮᠤᠷ ᠲᠦᠪᠰᠢᠨ ᠤ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠣᠯᠠᠬᠤ ᠭᠤᠷᠪᠠᠨ ᠵᠢᠯ ᠤᠨ ᠠᠵᠢᠯᠯᠠᠭ᠎ᠠ ᠶᠢᠨ ᠳᠥᠰᠦᠯ ᠢ ᠪᠠᠳᠣᠳᠠᠢ ᠠᠬᠢᠭᠤᠯᠵᠤ᠂ 2100 ᠭᠠᠷᠤᠢ ᠡᠩ ᠤᠨ ᠳᠠᠯᠳᠠ ᠭᠡᠮ ᠰᠤᠭᠤᠭ᠂ 10 ᠴᠢᠬᠤᠯᠠ ᠶᠡᠭᠡ ᠳᠠᠯᠳᠠ ᠭᠡᠮ ᠰᠣᠭᠤᠭ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠣᠨᠴᠠ ᠶᠡᠭᠡ ᠠᠶᠣᠯᠬᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ ᠢᠳᠡᠭᠡᠨ ᠪᠠ ᠡᠮ ᠤᠨ ᠵᠦᠢᠯ᠂ ᠭᠠᠯ ᠲᠦᠢᠮᠡᠷ᠂ ᠰᠢᠳᠠᠮᠬᠠᠢ ᠬᠡᠢ ᠪᠤᠯᠤᠨ ᠲᠠᠯ᠎ᠠ ᠨᠤᠲᠤᠭ ᠤᠨ ᠭᠠᠯ ᠰᠡᠷᠭᠡᠶᠢᠯᠡᠯᠲᠡ ᠵᠡᠷᠭᠡ ᠡᠯ᠎ᠡ ᠬᠦᠷᠢᠶᠡᠨ ᠤ ᠠᠮᠤᠷ ᠲᠦᠪᠰᠢᠨ ᠤ ᠪᠠᠶᠢᠳᠠᠯ ᠲᠣᠭᠲᠠᠭᠤᠨ ᠪᠠᠶᠢᠬᠤ ᠶᠢ ᠪᠠᠲᠤᠯᠠᠪᠠ᠃    ︵ᠳᠣᠯᠤᠭ᠎ᠠ︶ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠶᠢ ᠦᠷᠬᠦᠯᠵᠢᠯᠡᠨ ᠳᠡᠭᠡᠭᠰᠢᠯᠡᠬᠦᠯᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠤᠳᠠᠳᠠᠶᠢᠵᠢᠭᠤᠯᠪᠠ᠃ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠪᠦᠬᠦ ᠵᠢᠯ ᠳᠤ 197 ᠵᠦᠢᠯ ᠤᠨ ᠴᠢᠬᠤᠯᠠ ᠶᠡᠭᠡ ᠬᠡᠷᠡᠭ ᠶᠠᠪᠤᠳᠠᠯ ᠢ ᠬᠠᠮᠲᠤ ᠪᠠᠷ ᠰᠤᠳᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 122 ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ 77 ᠶᠢ ᠴᠢᠨᠠᠷ ᠰᠠᠶᠢᠲᠠᠢ ᠬᠦᠢᠴᠡᠳᠬᠡᠪᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠬᠡᠮᠡᠯᠵᠢᠬᠦᠯᠦᠨ ᠣᠬᠠᠭᠤᠯᠬᠤ ᠪᠠ ᠬᠠᠤᠯᠢ ᠬᠡᠷᠡᠭᠵᠢᠭᠦᠯᠬᠦ ᠪᠤᠯᠪᠠᠰᠣᠷᠠᠯ ᠤᠨ ᠬᠦᠴᠦᠯᠡᠴᠡ ᠪᠠᠨ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ 103 ᠬᠡᠷᠡᠭ ᠢ ᠰᠢᠢᠳᠪᠦᠷᠢᠯᠡᠪᠡ᠃ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠤᠨ ᠶᠡᠷᠦᠩᠬᠡᠢ ᠬᠡᠮᠵᠢᠶ᠎ᠡ 69% ᠪᠠᠷ ᠪᠠᠭᠤᠷᠠᠵᠤ᠂ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠭᠰᠡᠨ ᠨᠤᠷᠮ᠎ᠠ ᠪᠠ ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠴᠥᠮ 100% ᠳᠤ ᠬᠦᠷᠪᠡ᠃ ᠡᠳ᠋ ᠤᠨ ᠵᠠᠰᠠᠭ᠂ ᠭᠠᠶᠢᠯᠢ ᠪᠠ ᠮᠥᠩᠭᠦᠨ ᠭᠦᠢᠯᠭᠡᠭᠡᠨ ᠤ ᠬᠠᠮᠢᠶᠠᠷᠤᠯᠲᠠ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠣᠯᠪᠠ᠃ ᠭᠠᠶᠢᠯᠢ ᠶᠢᠨ ᠢᠷᠡᠯᠲᠡ ᠶᠢ ᠪᠤᠶᠢᠵᠢᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠬᠠᠢ ᠶᠢᠨ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠶᠢᠨ ᠢᠷᠡᠯᠲᠡ 1.34 ᠳ᠋ᠦᠩᠰᠢᠭᠤᠷ ᠲᠥᠭᠦᠷᠢᠭ ᠲᠤ ᠬᠦᠷᠴᠦ᠂ ︽ᠭᠤᠷᠪᠠ ᠶᠢ ᠪᠠᠲᠤᠯᠠᠬᠤ︾ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠵᠠᠷᠤᠯᠭ᠎ᠠ ᠶᠢ ᠬᠠᠩᠭᠠᠪᠠ᠃ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠴᠡᠪᠡᠷᠯᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠥᠭᠴᠡᠭᠡ ᠶᠢᠨ ᠨᠣᠷᠮ᠎ᠠ ᠶᠢᠨ ᠳᠤᠤᠷ᠎ᠠ ᠳᠦᠪᠰᠢᠨ ᠳᠤ ᠪᠠᠶᠢᠬᠤ ᠶᠢ ᠪᠠᠲᠤᠯᠠᠪᠠ᠃ ᠪᠠᠩᠬᠢ ᠶᠢᠨ ᠦᠢᠯᠡᠰ ᠪᠠ ᠠᠷᠠᠳ ᠤᠨ ᠬᠤᠭᠤᠷᠣᠨᠳᠣᠬᠢ ᠵᠢᠭᠡᠯᠡᠯᠭᠡ ᠶᠢ ᠵᠢᠷᠤᠮᠵᠢᠭᠤᠯᠤᠨ ᠴᠡᠭᠴᠡᠯᠡᠬᠦ ᠶᠢ ᠪᠠᠶᠢᠩᠭᠤᠵᠢᠭᠤᠯᠤᠨ ᠥᠷᠨᠢᠭᠦᠯᠵᠦ᠂ ᠡᠷᠡᠭᠦᠯ ᠪᠤᠰᠤ ᠵᠢᠭᠡᠯᠡᠯᠭᠡ ᠶᠢᠨ ᠲᠤᠭ᠎ᠠ᠂ ᠵᠢᠭᠡᠯᠡᠯᠭᠡ ᠶᠢᠨ ᠨᠣᠷᠮ᠎ᠠ ᠵᠢᠴᠢ ᠮᠠᠯᠵᠢᠬᠤ ᠣᠷᠣᠨ ᠤ ᠵᠢᠭᠡᠯᠡᠯᠭᠡ ᠶᠢᠨ ᠡᠷᠦᠬᠡ ᠶᠢᠨ ᠲᠤᠭ᠎ᠠ᠂ ᠵᠤᠭᠤᠰᠤᠨ ᠲᠤᠭ᠎ᠠ ᠴᠥᠮ ᠪᠠᠭᠤᠷᠠᠬᠤ ᠬᠠᠨᠳᠤᠰᠢ ᠲᠠᠢ ᠪᠠᠶᠢᠬᠤ ᠶᠢ ᠪᠠᠲᠤᠯᠠᠪᠠ᠃ ᠵᠠᠰᠠᠭ ᠤᠨ ᠣᠷᠳᠣᠨ ᠤ ᠰᠤᠷᠲᠠᠯ ᠤᠨ ᠪᠠᠶᠢᠭᠤᠯᠤᠯᠲᠠ ᠮᠡᠳᠡᠭᠳᠡᠮ᠎ᠡ ᠠᠮᠵᠢᠯᠲᠠ ᠣᠯᠪᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠪᠠ᠃ ᠬᠢᠨᠠᠨ ᠪᠤᠳᠤᠵᠤ ᠬᠢᠨᠠᠯᠲᠠ ᠲᠠᠯᠪᠢᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠡᠭᠡᠳᠦ ᠱᠠᠲᠤᠨ ᠤ ᠮᠠᠨ ᠤ ᠬᠤᠰᠢᠭᠤᠨ ᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠲᠤᠰᠬᠠᠢ ᠵᠦᠢᠯ ᠤᠨ ᠬᠢᠨᠠᠨ ᠪᠤᠳᠤᠬᠤ ᠠᠵᠢᠯ ᠢ ᠬᠠᠮᠵᠢᠯᠴᠠᠨ ᠪᠠᠶᠡᠯᠡᠭᠦᠯᠪᠡ᠃    ᠠᠷᠠᠳ ᠤᠨ ᠵᠡᠪᠰᠡᠭᠲᠦ ᠬᠦᠴᠦᠨ᠂ ᠬᠤᠶᠠᠷ ᠢ ᠬᠦᠷᠢᠶᠡᠯᠡᠬᠦ ᠪᠠ ᠬᠠᠷᠠᠭᠠᠯᠵᠠᠬᠤ᠂ ᠠᠷᠠᠳ ᠤᠨ ᠠᠭᠠᠷ ᠰᠡᠷᠭᠡᠶᠢᠯᠡᠯᠲᠡ᠂ ᠭᠠᠯ ᠤᠨᠲᠠᠷᠠᠭᠠᠬᠤ ᠵᠡᠷᠭᠡ ᠠᠵᠢᠯ ᠢᠯᠡᠳᠲᠡ ᠦᠷ᠎ᠡ ᠪᠦᠲᠦᠮᠵᠢ ᠣᠯᠪᠠ᠃ ᠭᠠᠳᠠᠭᠠᠳᠤ ᠶᠠᠪᠤᠳᠠᠯ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠠᠩᠰᠠ ᠡᠪᠬᠡᠮᠡᠯ ᠲᠡᠦᠬᠡ ᠲᠡᠮᠳᠡᠭᠯᠡᠯ᠂ ᠴᠠᠭ ᠠᠭᠤᠷ ᠭᠠᠵᠠᠷ ᠬᠥᠳᠡᠯᠦᠯᠲᠡ ᠵᠡᠷᠭᠡ ᠠᠵᠢᠯ ᠦᠢᠯᠡᠰ ᠴᠥᠮ ᠳᠠᠪᠰᠢᠯᠲᠠ ᠲᠠᠢ ᠪᠣᠯᠵᠤ᠂ ᠪᠥᠬᠦ ᠬᠤᠰᠢᠭᠤᠨ ᠤ ᠲᠣᠭᠲᠠᠭᠤᠨ ᠪᠠᠷ ᠬᠦᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃    ᠲᠥᠯᠥᠭᠡᠯᠡᠭᠴᠢᠳ ᠠ᠋︕ ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠬᠢᠯᠪᠠᠷ ᠪᠤᠰᠤ ᠪᠠᠶᠢᠵᠤ᠂ ᠡᠨᠡ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠬᠥᠲᠥᠯᠥᠨ ᠳᠠᠭᠠᠭᠤᠯᠤᠭᠰᠠᠨ ᠤ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠨᠠᠮ ᠤᠨ ᠬᠤᠷᠢᠶ᠎ᠠ ᠪᠦᠬᠦ ᠬᠤᠰᠢᠭᠤᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠬᠦᠴᠢᠷ ᠢ ᠲᠤᠭᠤᠯᠤᠨ ᠪᠡᠷᠬᠡᠰᠢᠶᠡᠯ ᠢ ᠳᠠᠪᠠᠵᠤ᠂ ᠬᠠᠮᠲᠤᠪᠠᠷ ᠲᠡᠮᠡᠴᠡᠭᠰᠡᠨ ᠤ ᠦᠷ᠎ᠡ ᠳ᠋ᠦᠩ ᠮᠥᠨ᠃ ᠡᠨᠡ ᠨᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠢ ᠬᠠᠪᠰᠤᠷᠤᠯᠴᠠᠵᠤ᠂ ᠬᠢᠨᠠᠯᠲᠠ ᠲᠠᠯᠪᠢᠵᠤ ᠳᠡᠮᠵᠢᠭᠰᠡᠨ ᠤ ᠦᠷ᠎ᠡ ᠳ᠋ᠦᠩ ᠪᠣᠯᠣᠨ᠎ᠠ᠃ ᠠᠳᠡ᠂ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠦ᠂ ᠲᠠ ᠤᠯᠠᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠣᠳᠣᠬᠠᠨ ᠳᠤ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠳᠠᠮᠠᠭ ᠲᠠᠯ᠎ᠠ ᠤᠷᠤᠰᠢᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠨᠢᠭᠡ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠰᠢᠨ᠎ᠡ ᠡᠨᠧᠷᠬᠢ ᠶᠢᠨ ᠬᠦᠲᠦᠯᠦᠨ ᠳᠠᠭᠠᠭᠤᠯᠬᠤ ᠴᠢᠳᠠᠪᠤᠷᠢ ᠬᠦᠷᠦᠯᠴᠡᠬᠦ ᠦᠬᠡᠢ᠂ ︽ᠨᠡᠬᠦᠷᠡᠰᠤ ᠪᠠᠷ ᠲᠣᠯᠭᠠᠭᠤᠷᠢᠯᠠᠭᠰᠠᠨ︾ ᠠᠵᠤ ᠠᠬᠤᠶᠢᠯᠠᠯ ᠤᠨ ᠪᠠᠶᠢᠳᠠᠯ ᠢ ᠬᠠᠷᠠᠬᠠᠨ ᠬᠤᠪᠢᠷᠠᠭᠤᠯᠵᠤ ᠴᠢᠳᠠᠭ᠎ᠠ ᠦᠬᠡᠢ᠃ ᠬᠤᠶᠠᠷ ᠲᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠳᠤᠤᠷ᠎ᠠ᠂ ᠠᠷᠠᠳ ᠤᠨ ᠠᠮᠢᠳᠤᠷᠠᠯ ᠤᠨ ᠣᠷᠣᠭᠤᠯᠤᠯᠲᠠ ᠬᠦᠷᠦᠯᠴᠡᠬᠦ ᠦᠭᠡᠢ᠂ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠦᠯ ᠲᠡᠭᠦᠯᠳᠡᠷᠵᠢᠬᠡ ᠦᠬᠡᠢ᠃ ᠭᠤᠷᠪᠠ ᠳᠤ᠂ ᠵᠠᠰᠠᠭ ᠤᠨ ᠣᠷᠳᠣᠨ ᠤ ᠦᠢᠯᠡᠳᠦᠯ ᠴᠢᠳᠠᠪᠬᠢ ᠪᠠ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠦᠢᠯᠡᠴᠢᠯᠡᠬᠦ ᠤᠬᠠᠮᠰᠠᠷ ᠪᠤᠯᠤᠨ ᠦᠢᠯᠡᠰ ᠪᠦᠲᠦᠬᠡᠬᠦ ᠡᠷᠴᠢ ᠵᠣᠷᠢᠭ ᠢ ᠪᠠᠰᠠ ᠤᠯᠠᠮ ᠨᠢᠭᠡ ᠠᠯᠬᠤᠮ ᠬᠥᠭᠵᠢᠭᠡᠬᠦ ᠴᠢᠬᠤᠯᠠᠲᠠᠢ ᠪᠠᠶᠢᠨ᠎ᠠ᠃ ᠡᠭᠦᠨ ᠳᠤ ᠪᠢᠳᠡ ᠠᠰᠠᠭᠤᠳᠠᠯ ᠳᠤ ᠵᠥᠪ ᠢᠶᠠᠷ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠨᠠᠷᠢᠨ ᠬᠢᠨᠠᠮᠠᠭᠠᠢ ᠰᠢᠢᠳᠪᠤᠷᠢᠯᠡᠬᠦ ᠬᠡᠷᠡᠭᠲᠡᠢ᠃    ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ    2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠴᠦᠰ ᠤᠨ ᠵᠢᠯ᠂ ᠮᠦᠨ ᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠯᠡᠬᠦ ᠵᠢᠯ ᠪᠤᠯᠤᠨ᠎ᠠ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠵᠢᠯ ᠮᠥᠨ᠂ ᠰᠢᠨ᠎ᠡ ᠨᠢᠭᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠤᠱᠯᠠᠭᠤᠯᠵᠤ᠂ ᠲᠣᠭᠲᠠᠭᠤᠨ ᠤ ᠳᠣᠮᠳᠠ ᠤᠷᠤᠭᠰᠢᠯᠠᠬᠤ᠂ ᠲᠥᠪ ᠶᠣᠰᠤ ᠶᠢ ᠰᠠᠬᠢᠨ ᠰᠢᠨ᠎ᠡ ᠶᠢ ᠡᠭᠦᠳᠬᠦ᠂ ᠠᠵᠢᠯᠯᠠᠬᠤ ᠡᠷᠴᠢᠮ ᠢᠶᠠᠨ ᠴᠢᠩᠭᠠᠯᠠᠵᠣ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠨ᠂ ᠨᠢᠭᠡ ᠭᠤᠣᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠢ ᠦᠷᠭᠦᠯᠵᠢᠯᠡᠨ ᠬᠡᠷᠡᠭᠵᠢᠬᠦᠯᠬᠦ᠂ ᠵᠢᠷᠭᠤᠭᠠᠨ ᠠᠵᠢᠯᠯᠠᠭ᠎ᠠ ᠶᠢ ᠬᠦᠴᠦᠯᠡᠨ ᠠᠬᠢᠭᠤᠯᠬᠤ ᠲᠠᠯ᠎ᠠ ᠪᠠᠷ ᠨᠡᠩ ᠶᠡᠭᠡ ᠠᠬᠢᠯᠲᠠ ᠲᠠᠢ ᠪᠣᠯᠭᠠᠬᠤ᠂ ᠨᠡᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠥᠭᠬᠦ ᠬᠡᠷᠡᠭᠲᠡᠢ᠃    ᠡᠨᠡ ᠵᠢᠯ ᠤᠨ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 12% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 1% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠣᠭᠰᠠᠨ ᠶᠡᠷᠦᠩᠬᠡᠢ ᠬᠡᠮᠵᠢᠶ᠎ᠡ ᠶᠢ 3% ᠤᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠶᠢ ᠲᠣᠰ ᠪᠦᠷᠢ 4% ᠪᠠ 6% ᠪᠠᠷ ᠨᠡᠮᠡᠭᠳᠡᠭᠦᠯᠦᠨ᠎ᠡ᠃ ᠨᠢᠭᠡᠴᠢ GDP ᠶᠢᠨ ᠡᠨᠧᠷᠭᠢ ᠶᠢᠨ ᠬᠤᠷᠣᠭᠳᠠᠯ ᠪᠠ ᠨᠢᠭᠡᠴᠢ GDP ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠨᠣᠷᠮ᠎ᠠ ᠶᠢ ᠪᠥᠬᠦ ᠠᠶᠢᠮᠠᠭ ᠤᠨ ᠪᠠᠭᠤᠯᠭᠠᠭᠰᠠᠨ ᠡᠭᠦᠷᠭᠡ ᠶᠣᠰᠣᠭᠠᠷ ᠭᠦᠢᠴᠡᠳᠬᠡᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄    ︵ᠨᠢᠭᠡ︶ ᠪᠡᠯᠡ ᠣᠷᠣᠭᠤᠯᠤᠯᠲᠠ ᠶᠢ ᠠᠳᠬᠤᠵᠤ᠂ ᠨᠡᠮᠡᠭᠳᠡᠯ ᠢ ᠲᠤᠭᠳᠠᠪᠤᠷᠢᠵᠢᠭᠤᠯᠣᠨ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠦᠨ᠎ᠡ    ᠨᠢᠭᠡ ᠳᠤ᠂ ᠴᠢᠬᠤᠯᠠ ᠶᠡᠭᠡ ᠵᠦᠢᠯᠡᠰ ᠢ ᠭᠦᠨᠵᠡᠭᠡᠢ ᠪᠦᠬᠡᠳ ᠪᠤᠳᠠᠳᠠᠢ ᠪᠠᠷ ᠰᠦᠪᠡᠭᠴᠢᠯᠡᠬᠦ ᠬᠡᠷᠡᠭᠲᠡᠢ᠃ ᠤᠯᠤᠰ ᠠᠴᠠ ︽ᠬᠤᠶᠠᠷ ᠴᠢᠬᠤᠯᠠ︾ ᠲᠥᠷᠥ ᠶᠢᠨ ᠪᠣᠳᠣᠯᠭ᠎ᠠ᠂ ︽ᠬᠤᠶᠠᠷ ᠰᠢᠨ᠎ᠡ︾ ᠲᠥᠷᠥᠯ ᠵᠦᠢᠯ ᠢ ᠬᠡᠷᠡᠭᠵᠢᠭᠦᠯᠬᠦ ᠠᠰᠢᠭᠲᠠᠢ ᠠᠵᠠ ᠲᠣᠬᠢᠶᠠᠯ ᠢ ᠵᠠᠪᠳᠤᠨ ᠠᠳᠬᠤᠵᠤ᠂ ᠴᠢᠬᠤᠯᠠ ᠶᠡᠭᠡ ᠲᠥᠷᠥᠯ ᠵᠦᠢᠯ ᠢ ᠲᠦᠯᠦᠪᠵᠢᠭᠦᠯᠬᠦ ᠠᠵᠢᠯᠯᠠᠭ᠎ᠠ ᠪᠠᠨ ᠲᠦᠷᠭᠡᠳᠬᠡᠨ ᠬᠡᠷᠡᠭᠵᠢᠭᠦᠯᠵᠦ᠂ ᠳᠡᠭᠡᠳᠦ ᠱᠠᠲᠤᠨ ᠤ ᠪᠡᠯᠡ ᠮᠥᠩᠭᠦ ᠡᠷᠡᠮᠡᠯᠵᠡᠯᠡᠬᠦ ᠲᠥᠷᠥᠯ ᠵᠦᠢᠯ ᠢ 15 ᠶᠢ ᠨᠦᠭᠡᠴᠡᠯᠡᠨ᠂ ᠶᠡᠷᠦᠩᠬᠡᠢ ᠪᠡᠯᠡ ᠣᠷᠣᠭᠤᠯᠤᠯᠲᠠ ᠶᠢ 19.4 ᠳ᠋ᠦᠩᠰᠢᠭᠤᠷ ᠲᠥᠭᠦᠷᠢᠭ ᠲᠤ ᠬᠦᠷᠬᠡᠵᠦ᠂ 3.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠡᠷᠡᠮᠡᠯᠵᠡᠯᠡᠨ᠎ᠡ᠃ ᠬᠠᠷᠠᠯᠲᠠ ᠡᠭᠦᠷᠭᠡ ᠪᠠᠨ ᠪᠠᠲᠤ ᠲᠤᠭᠲᠠᠭᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠠᠮᠵᠢᠯᠲᠠ ᠲᠠᠢ ᠪᠠᠶᠡᠯᠡᠭᠦᠯᠬᠦ ᠶᠢ ᠪᠠᠲᠤᠯᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠠᠶᠢᠳᠣᠷ ᠨᠠᠶᠢᠷᠠᠭᠤᠯᠤᠨ᠂ ᠨᠡᠩ ᠤᠯᠠᠨ ᠲᠦᠷᠥᠯ ᠵᠦᠢᠯ ᠢ ᠳᠡᠭᠡᠷ᠎ᠡ ᠱᠠᠲᠤᠨ ᠤ ᠲᠦᠯᠦᠪᠵᠢᠬᠦᠯᠬᠡ ᠳᠤ ᠣᠷᠣᠭᠤᠯᠬᠤ ᠶᠢ ᠠᠬᠢᠭᠤᠯᠤᠨ᠎ᠠ᠃ ᠭᠤᠤᠯᠳᠠᠭᠤ ᠬᠠᠩᠵᠧᠦ ᠶᠢᠨ ᠵᠢᠨᠵᠢᠶᠠᠩ ᠴᠠᠬᠢᠯᠭᠠᠨ ᠵᠠᠳᠠᠯᠤᠯ ᠤᠨ ᠬᠥᠩᠭᠡᠨᠴᠠᠭᠠᠨ᠂ ᠱᠠᠨ ᠰᠢ ᠶᠢᠨ ᠲᠦᠩ ᠴᠤᠸᠠᠩ ᠰᠠᠯᠬᠢᠨ ᠬᠦᠴᠦᠨ ᠤ ᠮᠠᠰᠢᠨ ᠵᠢᠴᠢ ᠰᠤᠪᠤᠷᠭ᠎ᠠ ᠦᠢᠯᠡᠳᠬᠦ᠂ ᠶᠧᠦ ᠰᠠᠢ ᠲᠧᠭᠨᠢᠭ ᠮᠡᠷᠭᠡᠵᠢᠯ ᠤᠨ ᠳᠠᠪᠲᠠᠮᠵᠢ ᠬᠤᠪᠢᠷᠠᠭᠠᠭᠤᠷ ᠢ ᠦᠢᠯᠡᠳᠬᠦ ᠵᠡᠷᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ᠎ᠠ᠃ ᠮᠠᠩᠯᠠᠢ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠦᠳᠡᠯᠦᠩᠭᠦᠢ ᠥᠭᠡᠷᠡᠴᠢᠯᠡᠯᠲᠡ ᠶᠢᠨ ᠢᠵᠢ ᠪᠦᠷᠢᠳᠦᠭᠰᠡᠨ ᠰᠠᠯᠬᠢᠨ ᠬᠦᠴᠦᠨ ᠤ ᠴᠠᠬᠢᠯᠭᠠᠨ ᠭᠠᠷᠭᠠᠬᠤ᠂ ᠮᠠᠩᠯᠠᠢ ᠨᠡᠭᠦᠷᠡᠰᠦᠨ ᠠᠭᠤᠷᠬᠠᠢ ᠶᠢ ᠥᠷᠭᠡᠳᠬᠡᠨ ᠪᠠᠶᠢᠭᠤᠯᠬᠤ ᠵᠡᠷᠭᠡ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠭᠤᠣᠯᠳᠠᠯᠭ᠎ᠠ ᠲᠠᠢ ᠲᠥᠷᠥᠯ ᠵᠦᠢᠯ ᠤᠨ ᠭᠠᠷᠳᠠᠮ ᠭᠦᠢᠴᠡᠳᠬᠡᠯ ᠤᠨ ᠶᠠᠪᠤᠴᠠ ᠶᠢ ᠴᠢᠩᠭ᠎ᠠ ᠠᠳᠬᠤᠨ᠂ 16 ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠢ 4 ᠰᠠᠷ᠎ᠠ ᠶᠢᠨ ᠳᠣᠮᠳᠠᠴᠢ ᠠᠴᠠ ᠡᠮᠦᠨ᠎ᠡ ᠪᠦᠷᠢᠨ ᠭᠠᠷᠳᠠᠮ ᠲᠠᠢ ᠠᠵᠢᠯ ᠡᠬᠢᠯᠡᠭᠦᠯᠬᠦ ᠶᠢ ᠪᠠᠲᠤᠯᠠᠵᠤ᠂ 38 ᠬᠤᠰᠢᠭᠤ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠢ ᠵᠢᠯ ᠤᠨ ᠳᠣᠲᠣᠷ᠎ᠠ ᠪᠦᠬᠦᠨ ᠢ ᠠᠵᠢᠯ ᠡᠬᠢᠯᠡᠬᠦᠯᠦᠨ᠎ᠡ᠃    ᠬᠤᠶᠠᠷ ᠲᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠦᠷᠭᠦᠯᠵᠢᠯᠡᠨ ᠬᠦᠨᠵᠡᠭᠡᠶᠢᠷᠡᠬᠦᠯᠦᠨ᠎ᠡ᠃ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠵᠤ ᠦᠢᠯᠡᠰ ᠤᠨ ᠰᠢᠯᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠣᠬᠢᠶᠠᠯ ᠢ ᠠᠳᠬᠤᠨ᠂ ᠲᠦᠷᠦᠯ ᠵᠦᠢᠯ ᠤᠨ ᠰᠦᠪᠡᠭᠴᠢ ᠶᠢ ᠪᠦᠬᠦ ᠲᠠᠯ᠎ᠠ ᠪᠠᠷ ᠬᠠᠶᠢᠨ᠂ ᠵᠤᠷᠢᠭᠲᠠᠢ ᠪᠠᠷ ᠵᠤᠷᠴᠢᠨ ᠵᠤᠴᠢᠨᠰᠠᠭ ᠢᠶᠠᠷ ᠤᠷᠢᠵᠤ᠂ ᠭᠡᠷ᠎ᠡ ᠲᠤᠭᠲᠠᠭᠰᠠᠨ ᠲᠦᠷᠦᠯ ᠵᠦᠢᠯ ᠤᠨ ᠠᠵᠢᠯ ᠡᠬᠢᠯᠡᠭᠦᠯᠬᠦ ᠨᠤᠷᠮ᠎ᠠ᠂ ᠠᠵᠢᠯ ᠳᠠᠭᠤᠰᠤᠭᠰᠠᠨ ᠨᠤᠷᠮ᠎ᠠ ᠪᠠ ᠪᠡᠯᠡ ᠮᠥᠩᠭᠦ ᠶᠢ ᠨᠠᠶᠢᠳᠠᠪᠤᠷᠢᠵᠢᠭᠤᠯᠤᠭᠰᠠᠨ ᠨᠤᠷᠮ᠎ᠠ ᠶᠢ ᠡᠷᠴᠢᠮᠲᠠᠢ ᠠᠳᠬᠤᠨ᠎ᠠ᠃ ᠰᠢᠨ᠎ᠡ ᠡᠨᠧᠷᠬᠢ ᠶᠢᠨ ᠴᠠᠬᠢᠯᠭᠠᠨ ᠢ ᠰᠢᠩᠭᠡᠭᠡᠨ ᠠᠰᠢᠭᠯᠠᠵᠤ᠂ ᠨᠡᠭᠦᠷᠡᠰᠦᠨ ᠤ ᠡᠬᠢ ᠪᠠᠶᠠᠯᠢᠭ ᠢ ᠬᠤᠪᠢᠷᠠᠭᠤᠯᠬᠤ᠂ ᠲᠣᠰᠣ ᠬᠡᠶ ᠶᠢᠨ ᠠᠶ ᠰᠠᠪᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ᠂ ᠤᠳᠤᠬᠢᠴᠢᠯᠠᠭᠰᠠᠨ ᠮᠠᠯ ᠠᠵᠤ ᠠᠬᠤᠶ᠂ ᠰᠣᠶᠣᠯ ᠵᠢᠭᠤᠯᠴᠢᠯᠠᠯ ᠤᠨ ᠠᠵᠤ  ᠦᠢᠯᠡᠰ ᠢ ᠬᠥᠭᠵᠢᠭᠦᠯᠬᠦ᠂ ᠬᠤᠲᠠ ᠪᠠᠯᠭᠠᠰᠤ ᠶᠢ ᠰᠢᠨᠡᠳᠬᠡᠨ ᠲᠠᠰ ᠳᠡᠪᠰᠢᠭᠦᠯᠬᠦ ᠵᠡᠷᠭᠡ ᠬᠦᠷᠢᠶ᠎ᠡ ᠴᠠᠷ᠎ᠠ ᠶᠢᠨ ᠲᠣᠭᠤᠷᠢᠨ ᠳᠤ᠂ ᠭᠤᠤᠯᠳᠠᠯᠭ᠎ᠠ ᠲᠠᠢ ᠠᠵᠤ ᠦᠶ᠋ᠯᠡᠰ ᠤᠨ ᠬᠡᠯᠬᠢᠶ᠎ᠡ ᠪᠠ ᠠᠷᠠᠯᠵᠢᠶᠠᠴᠢᠨ ᠤᠷᠢᠬᠤ ᠠᠵᠢᠯ ᠤᠨ ᠲᠦᠯᠦᠪᠵᠢᠬᠦᠯᠦᠭᠡ ᠶᠢ ᠬᠥᠳᠡᠯᠦᠩᠭᠦᠶ ᠪᠠᠷ ᠲᠡᠭᠦᠯᠳᠡᠷᠵᠢᠭᠦᠯᠵᠦ᠂ ᠤᠯᠠᠨ ᠵᠦᠢᠯ ᠤᠨ ᠠᠷᠭ᠎ᠠ ᠮᠠᠶ᠋ᠢᠭ ᠢ ᠤᠶᠠᠯᠳᠤᠭᠤᠯᠤᠨ ᠠᠷᠠᠯᠵᠢᠶᠠᠴᠢᠨ ᠤᠷᠢᠬᠤ ᠠᠵᠢᠯ ᠢ ᠥᠷᠨᠢᠭᠦᠯᠦᠨ᠎ᠡ᠃ ᠪᠦᠬᠦ ᠵᠢᠯ ᠳᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ 12 ᠤᠳᠠᠭ᠎ᠠ ᠠᠴᠠ ᠳᠡᠭᠡᠭᠰᠢ ᠭᠠᠳᠠᠭᠰᠢ ᠭᠠᠷᠴᠤ ᠠᠷᠠᠯᠵᠢᠶᠠᠴᠢᠨ ᠤᠷᠢᠵᠤ᠂ 42 ᠠᠴᠠ ᠳᠡᠭᠡᠭᠰᠢ ᠠᠵᠤ ᠠᠬᠤᠶᠢᠯᠠᠯ ᠲᠠᠢ ᠠᠭᠤᠯᠵᠠᠨ ᠵᠦᠪᠳᠡᠯᠡᠯᠴᠡᠵᠤ᠂ 15 ᠠᠴᠠ ᠳᠡᠭᠡᠭᠰᠢ ᠠᠵᠤ ᠠᠬᠤᠶᠢᠯᠠᠯ ᠲᠠᠢ ᠭᠡᠷ᠎ᠡ ᠲᠤᠭᠲᠠᠵᠤ᠂ 2 ᠠᠴᠠ ᠳᠡᠭᠡᠭᠰᠢ ᠴᠢᠬᠤᠯᠠ ᠶᠡᠭᠡ ᠠᠵᠤ ᠦᠢᠯᠡᠰ ᠤᠨ ᠲᠦᠷᠦᠯ ᠵᠦᠢᠯ ᠢ ᠣᠷᠤᠭᠤᠯᠬᠤ ᠪᠠᠷ ᠬᠦᠴᠦᠯᠡᠨ ᠴᠢᠷᠮᠠᠶᠢᠵᠣ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠪᠡᠯᠡ ᠮᠦᠩᠭᠦ ᠶᠢ 43 ᠳ᠋ᠦᠩᠰᠢᠭᠤᠷ ᠲᠥᠭᠦᠷᠢᠭ ᠠᠴᠠ ᠳᠡᠭᠡᠭᠰᠢ ᠨᠠᠢᠳᠠᠪᠣᠷᠢᠵᠢᠭᠤᠯᠵᠤ᠂ 15% ᠣᠷᠴᠢᠮ ᠨᠡᠮᠡᠭᠳᠡᠭᠦᠯᠦᠨ᠎ᠡ᠃    ᠭᠤᠷᠪᠠ ᠳᠤ᠂ ᠠᠷᠠᠯᠵᠢᠶ᠎ᠠ ᠡᠷᠬᠢᠯᠡᠬᠦ ᠣᠷᠴᠢᠨ ᠠᠬᠤᠢ ᠶᠢ ᠦᠷᠬᠦᠯᠵᠢᠯᠡᠨ ᠰᠢᠯᠢᠳᠡᠭᠵᠢᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ 4.0 ᠠᠵᠢᠯᠯᠠᠭ᠎ᠠ ᠶᠢᠨ ᠲᠥᠰᠦᠯ ᠢ ᠭᠦᠨᠵᠡᠭᠡᠶ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ ᠪᠠᠷ ︽ᠨᠢᠭᠡ ᠶᠠᠪᠤᠳᠠᠯ︾ ᠢ ᠭᠦᠢᠴᠡᠳᠭᠡᠬᠦ ᠥᠭᠡᠷᠡᠴᠢᠯᠡᠯᠲᠡ ᠶᠢ ᠲᠦᠷᠭᠡᠳᠬᠡᠨ᠂ ︽ᠲᠦᠪᠯᠡᠷᠡᠬᠦᠯᠦᠨ ᠬᠦᠢᠴᠡᠳᠬᠡᠬᠦ︾᠂ ︽ᠣᠷᠣᠨ ᠪᠦᠰᠡ ᠠᠯᠤᠰᠯᠠᠨ ᠭᠦᠶ᠋ᠴᠡᠳᠬᠡᠬᠦ︾᠂ ︽ᠡᠷᠡᠮᠡᠯᠵᠡᠯᠡᠯ ᠢ ᠲᠣᠪᠴᠢᠯᠠᠨ ᠬᠦᠢᠴᠡᠳᠬᠡᠬᠦ︾ ᠠᠵᠢᠯ ᠢ ᠰᠠᠶᠢᠲᠤᠷ ᠬᠢᠵᠦ᠂ ︽ᠰᠠᠭᠠᠳ ᠦᠭᠡᠢ ᠭᠡᠷᠡᠴᠢ ᠪᠠᠨ ᠦᠷᠬᠦᠯᠵᠢᠯᠡᠬᠦᠯᠬᠦ︾ ᠬᠢᠨᠠᠨ ᠵᠥᠪᠰᠢᠶᠡᠷᠡᠬᠦ ᠵᠠᠭᠪᠤᠷ ᠢ ᠰᠦᠪᠡᠭᠴᠢᠯᠡᠨ ᠬᠡᠷᠡᠭᠵᠢᠭᠦᠯᠦᠨ᠎ᠡ᠃ ᠢᠨᠵᠧᠨᠧᠷᠢᠩ ᠤᠨ ᠪᠦᠲᠦᠬᠡᠨ ᠪᠠᠶᠢᠭᠤᠯᠣᠯᠲᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠠᠯᠲᠠ ᠶᠢ ᠭᠦᠨᠵᠡᠭᠡᠶᠢᠷᠡᠬᠦᠯᠵᠦ᠂ ᠠᠵᠣ ᠠᠬᠤᠶᠢᠯᠠᠯ ᠳᠤ ᠬᠤᠯᠪᠣᠭᠳᠠᠭᠰᠠᠨ ᠵᠦᠢᠯᠡᠰ ᠢ ︽ᠰᠦᠯᠵᠢᠶ᠎ᠡ ᠪᠠᠷ ᠨᠠᠶᠢᠳᠡᠮ ᠬᠠᠮᠢᠶᠠᠷᠣᠨ ᠭᠦᠢᠴᠡᠳᠭᠡᠬᠦ︾ ᠶᠢ ᠲᠦᠯᠬᠢᠨ ᠠᠬᠢᠭᠤᠯᠣᠨ᠎ᠠ᠃ ᠠᠵᠣ ᠠᠬᠤᠶᠢᠯᠠᠯ ᠢ ᠳᠡᠮᠵᠢᠨ ᠲᠡᠳᠭᠦᠬᠦ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠭᠠᠷᠳᠠᠮ ᠭᠦᠢᠴᠡᠳᠬᠡᠬᠦ᠂ ᠭᠠᠢᠯᠢ ᠶᠢ ᠬᠠᠰᠣᠵᠣ ᠰᠦᠢᠳᠬᠡᠯ ᠢ ᠪᠠᠭᠤᠷᠠᠭᠤᠯᠬᠤ᠂ ᠡᠯᠧᠮᠧᠨ᠋ᠲ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠵᠡᠷᠭᠡ ᠠᠰᠠᠭᠤᠳᠠᠯ ᠢ ᠢᠳᠡᠪᠬᠢᠲᠡᠢ ᠬᠠᠪᠰᠤᠷᠤᠨ ᠰᠢᠢᠳᠪᠦᠷᠢᠯᠡᠵᠦ᠂ ᠠᠵᠣ ᠠᠬᠤᠶᠢᠯᠠᠯ ᠢ ᠳᠡᠮᠵᠢᠨ ᠠᠰᠠᠭᠤᠳᠠᠯ ᠢ ᠰᠢᠢᠳᠪᠦᠷᠢᠯᠡᠬᠦ ᠠᠰᠢᠭᠲᠠᠢ ᠲᠦᠷᠦ ᠶᠢᠨ ᠪᠣᠳᠣᠯᠭ᠎ᠠ ᠶᠢᠨ ᠲᠣᠣᠱᠯᠠᠭᠤᠯᠣᠯᠲᠠ ᠶᠢ ᠠᠬᠢᠭᠤᠯᠣᠨ᠎ᠠ᠃ ᠲᠦᠷᠦᠯ ᠵᠦᠢᠯ ᠳᠤ ᠣᠨᠤᠭ᠎ᠠ ᠲᠣᠭᠲᠠᠭᠠᠬᠤ ᠬᠦᠷᠢᠶ᠎ᠡ ᠴᠠᠷ᠎ᠠ ᠳᠤ ︽ᠨᠢᠭᠤᠴᠠ ᠣᠨᠤᠭ᠎ᠠ ᠶᠢ ᠰᠢᠭᠤᠳ ᠦᠨᠡᠯᠡᠬᠦ︾ ᠬᠡᠯᠪᠡᠷᠢ ᠮᠠᠶ᠋ᠢᠭ ᠢ ᠬᠡᠷᠡᠭᠵᠢᠭᠦᠯᠵᠦ᠂ ᠡᠯ᠎ᠡ ᠲᠦᠷᠦᠯ ᠤᠨ ᠠᠵᠣ ᠠᠬᠤᠶᠢᠯᠠᠯ ᠡᠷᠬᠡ ᠲᠡᠭᠰᠢ ᠦᠷᠢᠰᠦᠯᠳᠦᠬᠦ ᠣᠷᠴᠢᠨ ᠠᠬᠤᠢ ᠶᠢ ᠪᠣᠢ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ︽ᠶᠡᠷᠤᠩᠬᠡᠶᠢᠯᠡᠭᠰᠡᠨ ᠪᠠᠶᠢᠴᠠᠭᠠᠯᠲᠠ ︾ ᠶᠢ ᠰᠢᠯᠢᠳᠡᠭᠵᠢᠬᠦᠯᠬᠦ᠂ ︽ᠬᠤᠣᠰ ᠲᠣᠬᠢᠶᠠᠯᠳᠤᠯ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠯᠲᠠ᠂ ︽ᠴᠦᠬᠡᠨ ᠣᠴᠢᠵᠣ ᠤᠯᠠᠨ ᠢ ᠭᠦᠢᠴᠡᠳᠭᠡᠬᠦ︾ ᠠᠵᠢᠯ ᠤᠨ ᠳᠦᠷᠢᠮᠵᠢᠯ ᠢ ᠪᠤᠢ ᠪᠤᠯᠭᠠᠨ᠎ᠠ᠃    ︵ᠬᠤᠶᠠᠷ︶ ᠬᠡᠯᠪᠡᠷᠢ ᠪᠠᠨ ᠬᠤᠪᠢᠷᠠᠭᠤᠯᠣᠨ ᠲᠡᠰ ᠳᠡᠪᠰᠢᠬᠦ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠨ᠎ᠡ ᠲᠤᠭᠲᠠᠯᠴᠠᠭ᠎ᠠ ᠶᠢ ᠴᠤᠭᠴᠠᠯᠠᠨ᠎ᠠ᠃    ᠨᠢᠭᠡ ᠳᠤ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠨᠡᠭᠦᠷᠡᠰᠦ ᠴᠠᠬᠢᠯᠭᠠᠨ ᠰᠢᠨ᠎ᠡ ᠡᠨᠧᠷᠭᠢ ᠶᠢᠨ ᠬᠠᠮᠲᠤᠷᠠᠨ ᠡᠵᠡᠩᠨᠡᠬᠦ ᠰᠠᠭᠤᠷᠢᠨ ᠭᠠᠵᠠᠷ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠤᠯᠠᠭᠠᠨᠨᠠᠭᠤᠷ ᠤᠨ ᠠᠭᠤᠷᠬᠠᠶ ᠬᠠᠶᠢᠬᠤ ᠡᠷᠬᠡ ᠶᠢᠨ ᠡᠬᠢ ᠪᠠᠶᠠᠯᠢᠭ ᠢ ᠡᠮᠬᠢᠳᠬᠡᠨ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠪᠠᠶ᠋ᠬᠠᠭᠤᠯᠠ ᠠᠭᠤᠷᠬᠠᠶ ᠶᠢᠨ ᠣᠷᠣᠨ ᠤ ᠶᠡᠷᠦᠩᠬᠡᠶ ᠲᠦᠯᠦᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠭᠠᠷᠳᠠᠮ ᠢ ᠭᠦᠢᠴᠡᠳᠭᠡᠬᠦ ᠶᠢ ᠳᠥᠯᠭᠢᠨ ᠠᠬᠢᠭᠤᠯᠵᠤ᠂ ᠮᠠᠩᠯᠠᠶ ᠨᠡᠭᠦᠷᠡᠰᠦᠨ ᠠᠭᠤᠷᠬᠠᠶ ᠶᠢᠨ ᠠᠶᠤᠯᠬᠦᠢ ‍ᠦ᠋ᠯᠡᠳᠪᠦᠷᠢᠯᠡᠯ ᠤᠨ ᠵᠥᠪᠰᠢᠶᠡᠷᠡᠯ ᠣᠯᠬᠤ᠂ ᠮᠠᠩᠯᠠᠢ ᠴᠠᠬᠢᠯᠭᠠᠨ ᠭᠠᠷᠭᠠᠬᠤ ᠦᠶ᠋ᠯᠡᠳᠪᠦᠷᠢ ᠶᠢ ᠵᠢᠯ ᠤᠨ ᠡᠴᠦᠰ ᠲᠤ ᠲᠤᠷᠰᠢᠨ ᠠᠵᠢᠯᠯᠠᠬᠤ ᠱᠠᠲᠤᠨ ᠳᠤ ᠣᠷᠣᠬᠤ ᠶᠢ ᠪᠠᠲᠤᠯᠠᠵᠤ᠂ ᠴᠠᠬᠢᠯᠭᠠᠨ ᠬᠦᠷᠭᠡᠯᠲᠡ ᠶᠢᠨ ᠢᠨᠵᠧᠨᠧᠷᠢᠩ ᠪᠠ ᠳᠠᠭᠠᠯᠲᠠ ᠢᠨᠵᠧᠨᠧᠷᠢᠩ ᠢ ᠵᠡᠷᠭᠡᠪᠡᠷ ᠠᠰᠢᠭᠯᠠᠯᠲᠠ ᠳᠤ ᠤᠷᠤᠭᠤᠯᠤᠨ᠎ᠠ᠃ ᠮᠠᠩᠯᠠᠢ ᠴᠠᠬᠢᠯᠭᠠᠨ ᠭᠠᠷᠭᠠᠬᠤ ᠦᠶ᠋ᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠶ᠋ᠯ ᠤᠨ ᠡᠬᠢᠨ ᠤ ᠬᠤᠭᠤᠴᠠᠭᠠᠨ ᠤ ᠭᠠᠷᠳᠠᠮ ᠢ ᠡᠬᠢᠯᠡᠨ ᠬᠦᠢᠴᠡᠳᠬᠡᠵᠦ᠂ ᠬᠤᠶᠢᠰᠢᠳᠠ ᠶᠢᠨ ᠨᠡᠭᠦᠷᠡᠰᠦ ᠴᠠᠬᠢᠯᠭᠠᠨ ᠬᠦᠩᠭᠡᠨᠴᠠᠭᠠᠨ ᠤ ᠨᠢᠭᠡ ᠴᠤᠭᠴᠠᠵᠢᠭᠰᠠᠨ ᠲᠥᠷᠥᠯ ᠵᠦᠶ᠋ᠯ ᠢ ᠨᠡᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃ ᠣᠨᠴᠠ ᠥᠨᠳᠥᠷ ᠬᠦᠴᠦᠳᠡᠯᠲᠤ ᠭᠤᠷᠪᠠᠳᠤᠭᠠᠷ ᠬᠤᠭᠤᠴᠠᠭᠠᠨ ᠤ ᠲᠣᠮᠣ ᠰᠠᠭᠤᠷᠢᠨ ᠭᠠᠵᠠᠷ᠂ ᠮᠢᠩ ᠶᠠᠩ ᠬᠡᠷᠡᠯᠯᠢᠭ ᠢᠶᠠᠷ ᠡᠯᠡᠰᠤᠷᠭᠡᠭᠵᠢᠬᠦ ᠶᠢ ᠵᠠᠰᠠᠬᠤ ᠲᠦᠷᠦᠯ ᠵᠦᠢᠯ᠂ ᠾᠤᠪᠸᠢ ᠶᠢᠨ ᠪᠥᠲᠥᠭᠡᠨ ᠪᠠᠶᠢᠭᠤᠯᠤᠯᠲᠠ ᠶᠢᠨ ᠪᠠᠯᠠ ᠣᠷᠣᠭᠤᠯᠤᠯᠲᠠ ᠶᠢᠨ ᠠᠭᠠᠷ ᠠᠪᠴᠠᠭᠠᠵᠣ ᠡᠨᠧᠷᠭᠢ ᠬᠠᠳᠠᠭᠠᠯᠠᠬᠤ ᠵᠡᠷᠭᠡ ᠲᠦᠷᠦᠯ ᠵᠦᠢᠯ ᠢ ᠵᠢᠯ ᠤᠨ ᠳᠤᠳᠤᠷ᠎ᠠ ᠴᠠᠬᠢᠯᠭᠠᠨ ᠲᠣᠤᠷ ᠲᠤ ᠨᠡᠶᠢᠯᠡᠬᠦᠯᠦᠨ᠎ᠡ᠃ ᠮᠧᠩ ᠳ᠋ᠦᠩ 500 ᠺᠢᠯᠤᠸᠠᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ᠂ ᠵᠡᠬᠦᠨ ᠰᠦᠨᠢᠳ 500 ᠺᠢᠯᠤᠸᠠᠯᠲ ᠤᠨ ᠭᠤᠤᠯ ᠬᠤᠪᠢᠰᠤᠯᠲᠠ ᠶᠢᠨ ᠥᠷᠭᠡᠳᠬᠡᠨ ᠪᠠᠶᠢᠭᠤᠯᠬᠤ ᠢᠨᠵᠧᠨᠧᠷᠢᠩ ᠢ ᠠᠰᠢᠭᠯᠠᠯᠲᠠ ᠳᠤ ᠣᠷᠣᠭᠤᠯᠣᠨ᠎ᠠ᠃ ᠠᠭᠤᠷᠬᠠᠢ ᠶᠢᠨ ᠡᠬᠢ ᠪᠠᠶᠠᠯᠢᠭ ᠢ ᠶᠡᠷᠤᠩᠭᠡᠶᠢᠯᠡᠨ ᠨᠡᠭᠡᠭᠡᠨ ᠠᠰᠢᠭᠯᠠᠬᠤ ᠶᠢ ᠲᠦᠷᠭᠡᠳᠬᠡᠨ᠎ᠡ᠃ ᠳ᠋ᠠ ᠲᠠᠩ ᠳ᠋ᠢᠩ ᠸᠠᠩ ᠬᠢᠮᠢ ᠶᠢᠨ ᠠᠵᠦ ᠦᠢᠯᠡᠳᠪᠤᠷᠢ ᠶᠢ ᠦᠢᠯᠡᠳᠪᠦᠷᠢᠯᠡᠯ ᠰᠡᠷᠭᠦᠭᠡᠬᠦ ᠪᠠᠷ ᠬᠦᠴᠦᠯᠡᠨ ᠴᠢᠷᠮᠠᠶᠢᠨ᠎ᠡ᠂ ᠶᠢᠨ ᠵᠦᠩ ᠠᠭᠤᠷᠬᠠᠢ ᠶᠢᠨ ᠦᠢᠯᠡᠰ ᠢ 5 ᠰᠠᠷ᠎ᠠ ᠳᠤ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠂ ᠵᠦᠩ ᠡᠾᠧ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠠᠩᠲᠤ ᠤᠪᠦᠭ᠎ᠠ ᠠᠯᠲᠠᠨ ᠤ ᠠᠭᠤᠷᠬᠠᠶ ᠶᠢᠨ ᠪᠦᠲᠦᠬᠡᠨ ᠪᠠᠶᠢᠭᠤᠯᠤᠯᠲᠠ ᠶᠢ ᠡᠬᠢᠯᠡᠬᠦᠯᠦᠨ᠎ᠡ᠃ ᠴᠤᠭᠤᠴᠢᠷ ᠤᠨ ᠲᠡᠮᠦᠷ ᠤᠨ ᠠᠭᠤᠷᠬᠠᠶ᠂ ᠪᠤᠮᠪᠠᠲᠤ ᠶᠢᠨ ᠬᠠᠶᠢᠯᠤᠭᠤᠷ ᠵᠣᠩᠰᠢ ᠶᠢᠨ ᠠᠭᠤᠷᠬᠠᠶ᠂ ᠥᠷᠨᠢᠯᠲᠡ ᠶᠢᠨ ᠣᠯᠠᠨ ᠲᠡᠮᠦᠷᠯᠢᠭ ᠤᠨ ᠠᠭᠤᠷᠬᠠᠶ᠂ ᠬᠦᠷᠡᠩ ᠪᠠᠭᠤᠴᠠ ᠶᠢᠨ ᠴᠢᠯᠠᠭᠤᠨ ᠲᠣᠰᠣᠨ ᠤ ᠠᠭᠤᠷᠬᠠᠶ ᠶᠢ ᠨᠡᠭᠡᠭᠡᠨ ᠬᠥᠭᠵᠢᠭᠦᠯᠬᠦ ᠵᠡᠷᠭᠡ ᠲᠥᠷᠥᠯ ᠵᠦᠶ᠋ᠯ ᠤᠨ ᠡᠬᠢᠨ ᠤ ᠬᠤᠭᠤᠴᠠᠭᠠᠨ ᠤ ᠭᠠᠷᠳᠠᠮ ᠪᠥᠷᠢᠨᠰᠢᠭᠦᠯᠬᠦ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠮᠠᠩᠯᠠᠢ ᠶᠢᠨ ᠰᠢᠨ᠎ᠡ ᠡᠨᠧᠷᠭᠢ ᠵᠡᠷᠭᠡ ᠠᠵᠤ ᠠᠬᠤᠶᠢᠯᠠᠯ ᠢ ᠵᠢᠯ ᠤᠨ ᠳᠤᠳᠤᠷ᠎ᠠ ᠬᠡᠪᠴᠢᠶᠡᠵᠢᠯ ᠠᠴᠠ ᠳᠠᠪᠠᠭᠤᠯᠵᠤ ᠪᠦᠷᠢᠳᠬᠡᠯ ᠳᠤ ᠤᠷᠤᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠤᠨ᠎ᠠ᠃ ᠦᠢᠯᠡᠳᠪᠦᠷᠢᠯᠡᠯ ᠤᠨ ᠲᠤᠬᠢᠷᠠᠭᠤᠯᠤᠯᠲᠠ ᠶᠢ ᠰᠠᠶᠢᠳᠤᠷ ᠠᠳᠬᠤᠨ᠂ ᠮᠠᠩᠯᠠᠢ ᠨᠡᠭᠦᠷᠡᠰᠦᠨ ᠠᠭᠤᠷᠬᠠᠶ ᠶᠢᠨ ᠦᠶ᠋ᠯᠡᠳᠪᠦᠷᠢᠯᠡᠯ ᠤᠨ ᠬᠦᠴᠦᠨ ᠢ ᠬᠦᠢᠴᠡᠳ ᠳᠠᠶᠢᠴᠢᠯᠠᠵᠤ᠂ ᠮᠢᠬᠠᠨ ᠤ ᠦᠢᠯᠡᠰ ᠤᠨ ᠠᠵᠤ ᠠᠬᠤᠶᠢᠯᠠᠯ ᠪᠠ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠲᠣᠭᠲᠠᠭᠤᠨ ᠠᠵᠢᠯᠯᠠᠭᠤᠯᠵᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠠᠪᠠᠭᠰᠠᠨ ᠠᠵᠣ ᠦᠢᠯᠡᠳᠪᠦᠷᠢ ᠶᠢᠨ ᠠᠵᠤ ᠠᠬᠤᠶᠢᠯᠠᠯ ᠤᠨ ᠦᠶ᠋ᠯᠡᠳᠬᠦᠨ ᠤ ᠶᠡᠷᠦᠩᠬᠡᠶ ᠥᠷᠲᠡᠭ ᠢ 34 ᠳ᠋ᠦᠩᠰᠢᠭᠤᠷ ᠲᠦᠬᠦᠷᠢᠭ ᠢ ᠳᠠᠪᠠᠭᠤᠯᠵᠤ᠂ ᠨᠡᠮᠡᠭᠳᠡᠯ ᠤᠨ ᠬᠤᠷᠳᠣᠴᠠ ᠶᠢ 41% ᠣᠷᠴᠢᠮ ᠬᠦᠷᠭᠡᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠂ ᠬᠢᠮᠢ ᠶᠢᠨ ᠠᠶᠤᠯᠲᠣ ᠪᠣᠳᠠᠰ ᠤᠨ ᠲᠤᠰᠬᠠᠶ ᠲᠡᠷᠭᠡᠨ ᠵᠤᠭᠰᠤᠭᠠᠯ ᠢ ᠵᠢᠯ ᠤᠨ ᠳᠤᠳᠤᠷ᠎ᠠ ᠠᠰᠢᠭᠯᠠᠯᠲᠠ ᠳᠤ ᠣᠷᠣᠭᠤᠯᠣᠨ᠂ ᠬᠦᠷᠢᠶᠡᠯᠡᠩ ᠲᠣᠭᠤᠷᠢᠭ ᠤᠨ ᠵᠠᠮ ᠪᠣᠯᠤᠨ ᠳᠣᠯᠠᠭᠠᠯᠠᠯᠭ᠎ᠠ᠂ ᠤᠰᠤ ᠬᠠᠩᠭᠠᠨ ᠭᠠᠳᠠᠭᠰᠢᠯᠠᠭᠤᠯᠬᠤ ᠬᠤᠭᠤᠯᠠᠶ ᠵᠡᠷᠭᠡ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠭᠠᠵᠠᠷ ᠰᠢᠷᠣᠶ ᠶᠢᠨ ᠨᠥᠭᠡᠴᠡᠯᠡᠯᠲᠡ ᠶᠢᠨ ᠭᠤᠷᠪᠠᠨ ᠵᠢᠯ ᠤᠨ ᠲᠥᠯᠥᠪᠯᠡᠭᠡ ᠶᠢ ᠬᠡᠷᠡᠭᠵᠢᠭᠦᠯᠵᠦ᠂ ᠵᠢᠯ ᠤᠨ ᠳᠤᠳᠤᠷ᠎ᠠ 21 ᠾᠧᠺᠲ᠋ᠧᠷ ᠭᠠᠵᠠᠷ ᠰᠢᠷᠣᠶ ᠨᠦᠬᠡᠴᠡᠯᠡᠵᠦ᠂ ᠬᠤᠵᠢᠮ ᠤᠨ ᠲᠦᠷᠦᠯ ᠵᠦᠢᠯ ᠤᠨ ᠨᠠᠶᠢᠳᠠᠪᠤᠷᠢᠵᠢᠭᠤᠯᠣᠯᠲᠠ ᠳᠤ ᠪᠠᠲᠤ ᠪᠠᠬᠢ ᠰᠠᠭᠤᠷᠢ ᠲᠠᠯᠪᠢᠨ᠎ᠠ᠃    ᠬᠤᠶᠠᠷ ᠲᠤ᠂ ᠮᠠᠯ ᠠᠵᠤ ᠠᠬᠤᠶ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠣᠨ᠎ᠠ᠃ ᠦᠷ᠎ᠡ ᠶᠢᠨ ᠮᠠᠯ ᠤᠨ ᠡᠬᠢ ᠪᠠᠶᠠᠯᠢᠭ ᠢ ᠪᠤᠶᠢᠵᠢᠭᠤᠯᠤᠨ ᠬᠠᠮᠠᠭᠠᠯᠠᠬᠤ ᠠᠵᠢᠯ ᠢ ᠰᠠᠶᠢᠳᠤᠷ ᠠᠳᠬᠤᠨ᠎ᠠ᠃ ᠮᠢᠬᠠᠨ ᠤ ᠦᠬᠡᠷ ᠤᠨ ᠡᠭᠦᠯᠳᠡᠷ ᠤᠨ ᠦᠢᠯᠡᠰ ᠢ ᠳᠡᠰ ᠳᠡᠪᠰᠢᠭᠦᠯᠬᠦ ᠠᠵᠢᠯᠯᠠᠭ᠎ᠠ ᠶᠢ ᠥᠷᠨᠢᠭᠦᠯᠵᠦ᠂ 2 ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠣᠯᠳᠠᠯᠭᠠᠲᠤ ᠰᠦᠷᠦᠭ ᠪᠠ ᠬᠤᠸᠠ ᠰᠢ ᠦᠬᠡᠷ ᠤᠨ ᠦᠷᠡᠵᠢᠯ ᠤᠨ ᠰᠦᠷᠦᠭ ᠢ ᠰᠢᠨ᠎ᠡ ᠪᠠᠷ ᠬᠢᠨᠠᠨ ᠲᠤᠭᠲᠠᠭᠠᠵᠤ᠂ ᠲᠤᠰ ᠪᠦᠷᠢ 31 ᠪᠠ 6 ᠰᠦᠷᠦᠭ ᠲᠤ ᠬᠦᠷᠭᠡᠨ᠎ᠡ᠂ ︽ᠰᠥᠨᠢᠳ ᠦᠬᠡᠷ︾ ᠤᠨ ᠰᠢᠨ᠎ᠡ ᠤᠳᠤᠮᠯᠠᠯ ᠤᠨ ᠡᠬᠢ ᠪᠠᠶᠠᠯᠢᠭ ᠢ ᠬᠢᠨᠠᠨ ᠨᠡᠷᠡᠶᠢᠳᠬᠦ ᠠᠵᠢᠯ ᠢ ᠠᠬᠢᠭᠤᠯᠤᠨ᠎ᠠ᠃ ᠰᠥᠨᠢᠳ ᠬᠤᠨᠢᠨ ᠤ ᠰᠢᠯᠢᠳᠡᠭ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠣᠯᠲᠠ ᠶᠢ ᠲᠦᠷᠭᠡᠳᠬᠡᠵᠦ᠂ ᠰᠥᠨᠢᠳ ᠬᠤᠨᠢᠨ ᠤ ᠦᠷᠡᠵᠢᠯᠲᠡ ᠶᠢᠨ ᠲᠠᠯᠠᠪᠠᠶ ᠶᠢ 14 ᠪᠤᠯᠭᠠᠨ ᠥᠷᠭᠡᠳᠬᠡᠨ᠂ ᠭᠤᠤᠯᠳᠠᠯᠭᠠᠲᠤ ᠰᠦᠷᠦᠭ ᠢ 170 ᠳᠤ ᠬᠦᠷᠬᠡᠵᠦ᠂ ᠰᠥᠨᠢᠳ ᠬᠤᠨᠢᠨ ᠤ ᠤᠯᠤᠰ ᠤᠨ ᠪᠠᠷᠢᠮᠵᠢᠶ᠎ᠠ ᠶᠢ ᠲᠣᠭᠲᠠᠭᠠᠨ᠎ᠠ᠃ ᠤᠨᠴᠠᠯᠢᠬᠳᠤ ᠨᠠᠷᠢᠯᠢᠭ ᠠᠷᠠᠴᠢᠯᠠᠬᠤ ᠠᠵᠤ ᠦᠢᠯᠡᠰ ᠢ ᠢᠳᠡᠪᠬᠢᠲᠡᠶ ᠬᠥᠭᠵᠢᠭᠦᠯᠵᠦ᠂ ᠲᠡᠮᠡᠭᠡᠨ ᠤ ᠦᠢᠯᠡᠰ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ 2 ᠰᠥᠨᠢᠳ ᠬᠤᠤᠰ ᠪᠥᠬᠦᠲᠦ ᠲᠡᠮᠡᠭᠡᠨ ᠤ ᠭᠤᠤᠯᠳᠠᠯᠭᠠᠲᠤ ᠰᠦᠷᠦᠭ᠂ 3 ᠮᠣᠩᠭᠤᠯ ᠠᠳᠤᠭᠤᠨ ᠤ ᠭᠤᠤᠯᠳᠠᠯᠭᠠᠲᠤ ᠰᠦᠷᠦᠭ ᠢ ᠬᠢᠨᠠᠨ ᠲᠣᠭᠲᠠᠭᠠᠵᠤ᠂ ᠬᠤᠨᠢᠨ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ᠎ᠠ᠃ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠮᠠᠯ ᠪᠡᠯᠴᠢᠭᠡᠷ ᠤᠨ ᠲᠡᠩᠴᠡᠭᠦᠷᠢ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠵᠤ᠂ ᠮᠢᠬᠠᠨ ᠤ ᠦᠬᠡᠷ ᠤᠨ ᠲᠤᠭ᠎ᠠ ᠶᠢ ᠵᠢᠯ ᠳᠤ 15 ᠲᠦᠮᠡᠨ ᠲᠣᠯᠣᠭᠠᠶ ᠳᠤ ᠲᠣᠭᠲᠠᠪᠤᠷᠢᠵᠢᠭᠤᠯᠵᠤ᠂ ᠬᠠᠰᠢᠶᠠᠯᠠᠨ ᠮᠠᠯᠵᠢᠭᠰᠠᠨ ᠮᠢᠬᠠᠨ ᠤ ᠦᠬᠡᠷ ᠢ 1 ᠲᠦᠮᠡᠨ ᠲᠣᠯᠣᠭᠠᠶ ᠳᠤ ᠬᠦᠷᠭᠡᠵᠦ᠂ ᠪᠡᠯᠴᠢᠭᠡᠷ ᠤᠨ ᠬᠤᠨᠢ ᠶᠢ 90 ᠲᠦᠮᠡᠨ ᠲᠣᠯᠣᠭᠠᠶ ᠶᠢᠨ ᠳᠣᠲᠣᠷ᠎ᠠ ᠲᠤᠭᠲᠠᠪᠤᠷᠢᠵᠢᠭᠤᠯᠤᠨ᠎ᠠ᠃ ᠪᠡᠯᠡᠳᠭᠡᠮᠵᠢᠳᠤ ᠮᠠᠯ ᠠᠵᠤ ᠠᠬᠤᠶ ᠪᠠ ᠪᠣᠷᠳᠣᠨ ᠲᠡᠵᠢᠭᠡᠬᠦ ᠦᠢᠯᠡᠰ ᠢ ᠬᠦᠭᠵᠢᠬᠦᠯᠬᠦ ᠶᠢ ᠵᠤᠷᠢᠭᠵᠢᠭᠤᠯᠵᠤ᠂ ᠮᠢᠬᠠᠨ ᠤ ᠦᠬᠡᠷ ᠤᠨ 3 ᠲᠦᠮᠡᠨ ᠲᠡᠭᠰᠢ ᠳᠥᠷᠪᠡᠯᠵᠢᠨ ᠮᠧᠳ᠋ᠷ ᠪᠠᠷᠢᠮᠵᠢᠶᠠᠵᠢᠭᠰᠠᠨ ᠳᠤᠯᠠᠭᠠᠨ ᠰᠠᠷᠠᠪᠴᠢ ᠶᠢ ᠰᠢᠨ᠎ᠡ ᠪᠠᠷ ᠪᠠᠶᠢᠭᠤᠯᠵᠤ᠂ 5 ᠮᠢᠬᠠᠨ ᠤ ᠬᠤᠨᠢᠨ ᠤ ᠤᠶᠤᠨᠴᠢᠯᠠᠭᠰᠠᠨ ᠮᠠᠯᠵᠢᠯ ᠤᠨ ᠲᠠᠯᠠᠪᠠᠶ ᠶᠢᠨ ᠲᠥᠷᠥᠯ ᠵᠦᠢᠯ ᠢ ᠬᠡᠷᠡᠭᠵᠢᠭᠦᠯᠦᠨ᠂ ᠲᠥᠪᠯᠡᠷᠡᠭᠦᠯᠦᠨ ᠨᠠᠶᠢᠳᠠᠨ ᠮᠠᠯᠵᠢᠬᠤ ᠮᠢᠬᠠᠨ ᠤ ᠦᠬᠡᠷ ᠢ 8000 ᠲᠣᠯᠣᠭᠠᠶ ᠠᠴᠠ ᠳᠠᠪᠠᠭᠤᠯᠤᠨ᠎ᠠ᠃ ᠡᠪᠡᠰᠤ ᠪᠤᠷᠳᠤᠭ᠎ᠠ ᠶᠢ ᠡᠳ᠋ᠰᠢᠬᠦᠯᠦᠨ ᠵᠦᠬᠡᠬᠡᠪᠦᠷᠢᠯᠡᠬᠦ ᠨᠡᠶᠢᠭᠡᠮᠴᠢᠯᠡᠭᠰᠡᠨ ᠦᠢᠯᠡᠴᠢᠯᠡᠭᠡ ᠶᠢ ᠲᠡᠭᠦᠯᠳᠡᠷᠵᠢᠬᠦᠯᠵᠤ᠂ ᠨᠦᠬᠡᠴᠡᠯᠡᠨ ᠬᠠᠳᠠᠭᠠᠯᠠᠬᠤ᠂ ᠡᠳ᠋ᠰᠢᠬᠦᠯᠦᠨ ᠪᠤᠯᠪᠠᠰᠤᠷᠠᠭᠤᠯᠬᠤ᠂ ᠠᠷᠠᠯᠵᠢᠶᠠᠯᠠᠬᠤ ᠶᠢ ᠨᠢᠭᠡ ᠴᠤᠭᠴᠠᠵᠢᠭᠤᠯᠤᠭᠰᠠᠨ ᠬᠦᠷᠢᠶᠡᠯᠡᠩ ᠲᠤᠭᠤᠷᠢᠭ ᠢ ᠠᠰᠢᠭᠯᠠᠯᠠᠲᠠ ᠳᠤ ᠤᠷᠣᠭᠤᠯᠣᠨ᠎ᠠ᠃ ᠨᠠᠷᠢᠯᠢᠭ ᠡᠳ᠋ᠰᠢᠭᠦᠯᠬᠦ ᠶᠡᠷᠤᠩᠭᠡᠶᠢᠯᠡᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠦᠷᠦᠯ ᠠᠩᠭᠢᠯᠠᠬᠤ᠂ ᠣᠬᠢ ᠰᠠᠶᠢᠨ ᠪᠤᠭᠤᠳᠠᠯᠯᠠᠬᠤ ᠪᠤᠯᠤᠨ ᠪᠡᠯᠡᠨ ᠵᠠᠭᠤᠰᠢ ᠪᠤᠯᠪᠠᠰᠤᠷᠠᠭᠤᠯᠬᠤ ᠲᠠᠯ᠎ᠠ ᠪᠠᠷ ᠬᠦᠴᠦᠯᠡᠨ᠂ ᠪᠦᠲᠦᠬᠡᠭᠳᠡᠬᠦᠨ ᠤ ᠴᠢᠨᠠᠷ ᠴᠢᠨᠰᠠᠭ᠎ᠠ ᠪᠤᠯᠤᠨ ᠨᠡᠮᠡᠯᠲᠡ ᠦᠷᠲᠡᠭ ᠢ ᠨᠡᠮᠡᠭᠳᠡᠬᠦᠯᠵᠦ᠂ 45 ᠲᠦᠮᠡᠨ ᠬᠤᠨᠢᠨ ᠨᠢᠭᠡᠴᠡ ᠶᠢᠨ ᠮᠠᠯ ᠤᠨ ᠪᠦᠲᠦᠭᠡᠭᠳᠡᠬᠦᠨ ᠢ ᠡᠳ᠋ᠰᠢᠭᠦᠯᠵᠦ᠂ ᠨᠠᠷᠢᠯᠢᠭ ᠡᠳ᠋ᠰᠢᠯᠡᠭᠦᠯᠦᠯᠲᠡ ᠶᠢᠨ ᠨᠣᠷᠮ᠎ᠠ ᠶᠢ 80% ᠶᠢ ᠳᠠᠪᠠᠭᠤᠯᠵᠤ᠂ 5 ᠳ᠋ᠦᠩᠰᠢᠭᠤᠷ ᠲᠥᠭᠦᠷᠢᠭ ᠤᠨ ᠦᠢᠯᠡᠳᠭᠦᠨ ᠤ ᠥᠷᠲᠡᠭ ᠢ ᠪᠡᠶᠡᠯᠡᠬᠦᠯᠦᠨ᠎ᠡ᠃ ᠬᠤᠨᠢᠨ ᠰᠡᠭᠦᠯ᠂ ᠬᠡᠭᠡᠯ ᠲᠠᠢ ᠭᠡᠭᠦᠦ ᠶᠢᠨ ᠴᠢᠰᠤᠨ ᠴᠠᠶᠢᠪᠠᠩ ᠵᠡᠷᠭᠡ ᠳᠠᠭᠠᠯᠲᠠ ᠪᠦᠲᠦᠭᠡᠭᠳᠡᠬᠦᠨ ᠢ ᠰᠤᠳᠤᠯᠤᠨ ᠨᠡᠭᠡᠭᠡᠵᠦ᠂ ᠤᠨᠴᠠᠯᠢᠭᠲᠤ ᠬᠡᠪ ᠵᠠᠭᠪᠤᠷ ᠢ ᠪᠦᠷᠢᠳᠦᠬᠦᠯᠦᠨ᠎ᠡ᠃ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ ᠨᠡᠷᠡᠲᠦ ᠲᠡᠮᠳᠡᠭᠲᠦ ᠶᠢ ᠡᠭᠦᠳᠦᠨ᠎ᠡ᠃ ︽ᠳᠤᠮᠳᠠᠳᠤ ᠤᠯᠤᠰ ᠤᠨ ᠬᠤᠨᠢᠨ ᠤ ᠦᠢᠯᠡᠰ · ᠰᠢᠯᠢ ᠶᠢᠨ ᠭᠤᠤᠯ ᠤᠨ ᠵᠢᠭᠠᠯᠲᠠ ᠲᠤᠭ᠎ᠠ︾ ᠶᠢ ᠲᠤᠭᠲᠠᠭᠤᠨ ᠢᠶᠠᠷ ᠬᠡᠷᠡᠭᠯᠡᠬᠦ ᠶᠢ ᠠᠬᠢᠭᠤᠯᠵᠤ᠂ ᠤᠯᠤᠰ ᠤᠨ ᠭᠠᠵᠠᠷ ᠵᠦᠶ ᠶᠢᠨ ᠪᠡᠯᠭᠡ ᠲᠡᠮᠳᠡᠭ ᠤᠨ ᠬᠠᠮᠠᠭᠠᠯᠠᠯᠲᠠ ᠶᠢᠨ ᠢᠨᠵᠧᠨᠧᠷᠢᠩ ︵ᠰᠥᠨᠢᠳ ᠬᠤᠨᠢᠨ ᠮᠢᠬ᠎ᠠ︶ ᠤᠨ ᠬᠢᠨᠠᠨ ᠰᠢᠯᠭᠠᠯᠲᠠ ᠶᠢ ᠠᠮᠵᠢᠯᠲᠠ ᠲᠠᠢ ᠥᠩᠭᠡᠷᠡᠭᠦᠯᠵᠦ᠂ ᠮᠠᠯ ᠤᠨ ᠠᠰᠢᠭ ᠰᠢᠮ᠎ᠡ ᠶᠢᠨ ᠪᠦᠲᠦᠬᠡᠭᠳᠡᠬᠦᠨ ᠢ ᠲᠠᠨᠢᠯᠴᠠᠭᠤᠯᠬᠤ ᠠᠵᠢᠯᠯᠠᠭ᠎ᠠ ᠶᠢ ᠦᠷᠨᠢᠬᠦᠯᠵᠤ᠂ ᠪᠤᠷᠤᠯᠠᠭᠤᠯᠭ᠎ᠠ ᠶᠢᠨ ᠵᠠᠮ ᠢ ᠦᠷᠬᠡᠳᠬᠡᠵᠦ᠂ ᠨᠠᠷᠠᠲᠤ ᠲᠡᠮᠳᠡᠭᠲᠦ ᠶᠢᠨ ᠨᠡᠮᠡᠭᠳᠡᠯ ᠥᠷᠲᠡᠭ ᠤᠨ ᠳᠡᠭᠡᠭᠰᠢᠯᠡᠯᠲᠡ ᠶᠢ ᠯᠠᠪᠳᠠᠭᠤᠨ ᠠᠬᠢᠭᠤᠯᠣᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠭᠤᠶᠤᠴᠢᠯᠠᠨ ᠮᠡᠳᠡᠭᠦᠯᠵᠦ᠂ ᠵᠢᠯ ᠤᠨ ᠳᠣᠲᠣᠷ᠎ᠠ ᠰᠢᠯᠢ ᠶᠢᠨ ᠭᠤᠤᠯ ᠬᠤᠨᠢᠨ ᠤ ᠨᠠᠷᠠᠲᠤ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠢ 3 ᠪᠣᠯᠭᠠᠨ ᠬᠥᠭᠵᠢᠭᠦᠯᠵᠦ᠂ 24 ᠲᠦᠮᠡᠨ ᠲᠤᠯᠤᠭᠠᠢ ᠠᠴᠠ ᠳᠡᠭᠡᠭᠰᠢ ᠪᠡᠯᠴᠢᠭᠡᠷ ᠤᠨ ᠬᠤᠨᠢ ᠶᠢ ᠮᠥᠷᠳᠡᠨ ᠡᠳ᠋ᠰᠢᠬᠦᠯᠦᠨ᠎ᠡ᠃ ᠰᠢᠯᠢ ᠶᠢᠨ ᠭᠤᠤᠯ ᠴᠠᠭᠠᠨ ᠢᠳᠡᠭᠡᠨ ᠤ ᠤᠷᠤᠨ ᠪᠦᠰᠡ ᠶᠢᠨ ᠨᠡᠶᠢᠲᠡ ᠶᠢᠨ ᠬᠡᠷᠡᠭᠯᠡᠬᠡᠨ ᠤ ᠨᠡᠷᠡᠲᠤ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠢ 3 ᠪᠣᠯᠭᠠᠨ ᠨᠡᠮᠡᠭᠳᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠡᠶᠢᠳᠠᠪᠤᠷᠢᠵᠢᠭᠤᠯᠵᠤ᠂ ᠴᠠᠭᠠᠨ ᠢᠳᠡᠭᠡᠨ ᠤ ᠦᠢᠯᠡᠳᠬᠦᠨ ᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠵᠢᠯ ᠤᠨ ᠳᠣᠲᠣᠷ᠎ᠠ 2 ᠡᠷᠦᠬᠡ ᠤᠨᠴᠠᠯᠢᠬᠳᠤ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ ᠪᠠᠶᠢᠭᠤᠯᠵᠤ᠂ ᠲᠦᠭᠦᠬᠡᠶ ᠰᠦ ᠵᠦᠬᠡᠬᠡᠪᠦᠷᠢᠯᠡᠬᠦ ᠶᠠᠪᠤᠴᠠ ᠳᠤ ᠶᠠᠰᠤ ᠴᠢᠨᠠᠷ ᠢ ᠰᠤᠭᠤᠴᠢᠨ ᠪᠠᠶᠢᠴᠠᠭᠠᠬᠤ ᠶᠢ ᠲᠦᠬᠡᠮᠡᠯᠵᠢᠬᠦᠯᠦᠨ᠎ᠡ᠃    ᠭᠤᠷᠪᠠ ᠳᠤ᠂ ᠦᠢᠯᠡᠴᠢᠯᠡᠭᠡᠨ ᠤ ᠦᠢᠯᠡᠰ ᠤᠨ ᠳᠡᠰ ᠳᠡᠪᠰᠢᠬᠦ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ︽ᠳᠠᠶᠠᠩ ᠳᠤ ᠠᠯᠳᠠᠷᠲᠠᠢ ᠰᠥᠨᠢᠳ ᠬᠤᠨᠢ · ᠲᠠᠮᠠᠭᠠᠨ ᠰᠤᠶᠤᠯ ᠤᠨ ᠲᠠᠯ᠎ᠠ ᠨᠤᠲᠤᠭ︾ ᠤᠨᠴᠠᠯᠢᠬᠳᠤ ᠵᠢᠭᠤᠯᠴᠢᠯᠠᠯ ᠤᠨ ᠣᠬᠠᠭᠤᠯᠭ᠎ᠠ ᠶᠢ ᠴᠢᠩᠭᠠᠳᠬᠠᠵᠤ᠂ ︽ᠨᠠᠶᠢᠷ ᠨᠠᠭᠠᠳᠤᠮ᠂ ᠮᠣᠷᠢᠨ ᠤ ᠤᠷᠤᠯᠳᠤᠭᠠᠨ᠂ ᠮᠠᠰᠢᠨ ᠲᠡᠷᠭᠡᠨ ᠤ ᠣᠷᠣᠯᠳᠣᠭᠠᠨ︾ ᠵᠡᠷᠭᠡ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠤᠨ᠎ᠠ᠃ ᠰᠤᠳᠤᠨ ᠠᠶᠠᠯᠠᠯ ᠤᠨ ᠵᠠᠮ ᠱᠤᠭᠤᠮ ᠢ ᠨᠡᠬᠡᠬᠡᠨ ᠬᠦᠭᠵᠢᠬᠦᠯᠵᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠵᠢᠭᠤᠯᠴᠢᠯᠠᠯ ᠤᠨ ᠴᠡᠭ ᠤᠨ ᠲᠣᠭᠤᠷᠢᠨ ᠳᠠᠬᠢ ᠮᠠᠰᠢᠨ ᠠᠶᠠᠯᠠᠯ ᠤᠨ ᠵᠠᠮ ᠱᠤᠭᠤᠮ ᠢ ᠰᠢᠯᠢᠳᠡᠭᠵᠢᠬᠦᠯᠦᠨ᠎ᠡ᠃ ᠰᠣᠶᠣᠯ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ ᠰᠣᠶᠣᠯ ᠤᠨ ᠪᠦᠲᠦᠭᠡᠭᠳᠡᠬᠦᠨ ᠢ ᠨᠡᠬᠡᠬᠡᠨ ᠬᠦᠭᠵᠢᠬᠦᠯᠦᠨ᠂ ᠪᠣᠷᠣᠯᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠤ᠂ ᠤᠳᠤᠨ ᠳᠡᠰ ᠤᠨ ᠠᠷᠠᠳ ᠤᠨ ᠪᠠᠭᠤᠴᠠ ᠶᠢᠨ ᠲᠤᠭ᠎ᠠ ᠬᠡᠮᠵᠢᠶ᠎ᠡ ᠶᠢ ᠨᠡᠮᠡᠭᠳᠡᠬᠦᠯᠦᠨ᠎ᠡ᠂ ︽ᠢᠳᠡᠵᠦ ᠤᠤᠭᠤᠬᠤ᠂ ᠬᠤᠨᠣᠵᠤ ᠬᠡᠪᠲᠡᠬᠦ᠂ ᠬᠤᠳᠠᠯᠳᠤᠭ᠎ᠠ᠂ ᠵᠤᠭ᠎ᠠ ᠴᠡᠩᠬᠡᠬᠦᠨ︾ ᠵᠡᠷᠭᠡ ᠢᠵᠢ ᠪᠦᠷᠢᠳᠦᠭᠰᠡᠨ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠬᠦᠯᠦᠨ᠎ᠡ᠃ ᠮᠤᠩᠭᠤᠯ ᠠᠳᠤᠭᠤᠨ ᠤ ᠤᠨᠤᠭᠠᠴᠢ ᠶᠢᠨ ᠮᠡᠷᠭᠡᠵᠢᠯ ᠪᠠ ᠮᠣᠷᠢᠨ ᠤ ᠴᠢᠳᠠᠪᠬᠢ ᠶᠢ ᠰᠢᠯᠭᠠᠨ ᠲᠣᠭᠲᠠᠭᠠᠬᠤ ᠰᠠᠭᠤᠷᠢᠨ ᠭᠠᠵᠠᠷ᠂ ᠬᠤᠨᠢᠨ ᠲᠡᠮᠡᠭᠡᠨ ᠤ ᠪᠦᠲᠦᠬᠡᠭᠳᠡᠭᠦᠨ ᠤ ᠦᠵᠡᠭᠦᠯᠦᠯᠭᠡ ᠶᠢᠨ ᠲᠢᠩᠭᠢᠮ ᠪᠠ ᠵᠠᠮ ᠱᠤᠭᠤᠮ ᠢ ᠠᠰᠢᠭᠯᠠᠯᠲᠠ ᠳᠤ ᠤᠷᠤᠭᠤᠯᠤᠨ᠎ᠠ᠃ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ ᠤᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠬᠦᠯᠵᠦ᠂ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ ᠶᠢ ᠠᠵᠢᠯᠯᠠᠭᠤᠯᠤᠨ᠎ᠠ᠃ ᠡᠯᠧᠺᠳ᠋ᠷᠣᠨ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠲᠠᠸᠠᠷ ᠤᠨ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮ ᠢ ᠲᠡᠭᠦᠯᠳᠡᠷᠵᠢᠭᠦᠯᠵᠦ᠂ ᠲᠦᠷᠭᠡᠨ ᠭᠤᠪᠢᠭᠤᠯᠭ᠎ᠠ ᠶᠢᠨ ᠬᠦᠷᠢᠶᠡᠯᠡᠩ ᠤᠨ ᠪᠥᠲᠥᠭᠡᠨ ᠪᠠᠶᠢᠭᠤᠯᠬᠤ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠤᠳᠤᠬᠢᠴᠢᠯᠠᠭᠰᠠᠨ ᠪᠠᠷᠠᠭᠠᠨ ᠤ ᠭᠦᠢᠯᠭᠡᠭᠡ ᠪᠠ ᠡᠯᠧᠺᠳ᠋ᠷᠣᠨ ᠬᠤᠳᠠᠯᠳᠤᠭ᠎ᠠ ᠶᠢ ᠨᠢᠭᠡ ᠴᠤᠭᠴᠠᠵᠢᠭᠤᠯᠤᠨ ᠬᠦᠭᠵᠢᠬᠦᠯᠦᠨ᠎ᠡ᠃ ᠡᠯᠧᠺᠳ᠋ᠷᠣᠨ ᠬᠤᠳᠠᠯᠳᠤᠭ᠎ᠠ ᠨᠡᠪᠴᠢᠬᠡᠭᠦ ᠰᠠᠭᠤᠷᠢᠨ ᠭᠠᠵᠠᠷ ᠢ ᠠᠰᠢᠭᠯᠠᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ᠂ ᠤᠯᠠᠮᠵᠢᠯᠠᠯᠲᠤ ᠴᠠᠭᠠᠨ ᠢᠳᠡᠭᠡ ᠵᠡᠷᠭᠡ ᠪᠠᠷᠠᠭ᠎ᠠ ᠲᠠᠸᠠᠷ ᠤᠨ ᠰᠦᠯᠵᠢᠶᠡᠨ ᠪᠣᠷᠣᠯᠠᠭᠤᠯᠭ᠎ᠠ ᠶᠢᠨ ᠵᠠᠮ ᠢ ᠦᠷᠭᠡᠳᠬᠡᠵᠤ᠂ ᠰᠢᠭᠤᠳ ᠨᠡᠪᠲᠡᠷᠡᠭᠦᠯᠭᠡ ᠪᠠᠷ ᠪᠣᠷᠣᠯᠠᠭᠤᠯᠬᠤ ᠵᠡᠷᠭᠡ ᠠᠷᠠᠯᠵᠢᠶᠠᠨ ᠤ ᠵᠠᠭᠪᠤᠷ ᠢ ᠪᠤᠯᠪᠠᠰᠤᠷᠠᠩᠭᠤᠢ ᠬᠡᠷᠡᠭᠵᠢᠬᠦᠯᠦᠨ᠎ᠡ᠃ ᠦᠢᠯᠡᠴᠢᠯᠡᠭᠡᠨ ᠤ ᠦᠢᠯᠡᠰ ᠤᠨ ᠳᠡᠰ ᠳᠡᠪᠰᠢᠯᠲᠡ ᠶᠢ ᠪᠡᠶᠡᠯᠡᠭᠦᠯᠦᠨ᠎ᠡ᠃ ᠬᠠᠷᠢᠶ᠎ᠠ ᠭᠠᠵᠠᠷ ᠲᠤ ᠳᠠᠩᠰᠠᠯᠠᠭᠤᠯᠬᠤ ᠠᠵᠢᠯ ᠢ ᠥᠷᠬᠦᠯᠵᠢᠯᠡᠨ ᠰᠠᠶᠢᠲᠤᠷ ᠥᠷᠨᠢᠬᠦᠯᠵᠦ᠂ ᠡᠾᠧ ᠯᠢ ᠲᠠᠢ ᠬᠥᠮᠦᠨ ᠤ ᠬᠦᠴᠦᠨ ᠤ ᠡᠬᠢ ᠪᠠᠶᠠᠯᠢᠭ ᠤᠨ ᠺᠣᠮᠫᠠᠨᠢ ᠶᠢ ᠬᠡᠪᠴᠢᠶᠡᠵᠢᠯ ᠠᠴᠠ ᠳᠠᠪᠠᠭᠤᠯᠤᠨ ᠪᠦᠷᠢᠳᠬᠡᠯ ᠳᠤ ᠤᠷᠤᠭᠤᠯᠤᠨ᠂ ᠪᠤᠰᠤᠳ ᠠᠵᠤ ᠠᠬᠤᠶᠢᠯᠠᠯ ᠢ ᠬᠡᠪᠴᠢᠶᠡᠵᠢᠯ ᠠᠴᠠ ᠳᠠᠪᠠᠭᠤᠯᠤᠨ ᠪᠦᠷᠢᠳᠬᠡᠯ ᠳᠤ ᠤᠷᠤᠭᠤᠯᠬᠤ ᠪᠠᠷ ᠴᠢᠷᠮᠠᠶᠢᠨ᠎ᠠ᠃ ᠬᠡᠪᠴᠢᠶᠡᠵᠢᠯ ᠠᠴᠠ ᠳᠠᠪᠠᠭᠰᠠᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠬᠦᠮᠦᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠵᠢᠯ ᠤᠨ ᠳᠣᠲᠣᠷ᠎ᠠ 2 ᠠᠴᠠ ᠳᠡᠭᠡᠭᠰᠢ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠠᠬᠤᠶᠢᠯᠠᠯ ᠢ ᠬᠡᠪᠴᠢᠶᠡᠵᠢᠯ ᠠᠴᠠ ᠳᠠᠪᠠᠭᠤᠯᠤᠨ᠎ᠠ᠃ ᠪᠥᠭᠡᠮ ᠢᠶᠠᠷ ᠪᠤᠷᠤᠯᠠᠭᠤᠯᠤᠨ ᠵᠢᠵᠢᠭᠯᠡᠨ ᠬᠤᠳᠠᠯᠳᠤᠬᠤ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ᠂ ᠵᠤᠭ᠎ᠠ ᠴᠡᠩᠭᠡᠯ ᠵᠡᠷᠭᠡ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠤᠨ ᠥᠷᠭᠡᠳᠬᠡᠵᠦ᠂ ᠡᠷᠡᠭᠦᠯ ᠮᠡᠨᠳᠦ᠂ ᠨᠠᠰᠤᠵᠢᠯ᠂ ᠠᠳᠠᠯ ᠠᠬᠤᠶ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠤᠨ᠎ᠠ᠃ ᠬᠡᠷᠡᠭᠯᠡᠭᠡ ᠶᠢ ᠶᠡᠭᠡ ᠪᠠᠷ ᠠᠬᠢᠭᠤᠯᠵᠣ᠂ ᠪᠤᠳᠠᠰ ᠤᠨ ᠪᠤᠰᠤ ᠰᠤᠶᠤᠯ ᠤᠨ ᠦᠪ ᠤᠨ ᠰᠢᠨ᠎ᠡ ᠶᠢᠨ ᠲᠠᠸᠠᠷ ᠤᠨ ᠪᠤᠷᠤᠯᠠᠭᠤᠯᠭ᠎ᠠ ᠶᠢᠨ ᠠᠵᠢᠯ ᠢ ᠦᠷᠨᠢᠬᠦᠯᠦᠨ᠂ ᠬᠤᠳᠠᠯᠳᠤᠭ᠎ᠠ ᠮᠠᠶᠢᠮᠠᠢ ᠶᠢ ᠬᠥᠭᠵᠢᠶᠡᠨ ᠲᠠᠢ ᠪᠣᠯᠭᠠᠨ᠎ᠠ᠃    ︵ᠭᠤᠷᠪᠠ︶ ᠵᠠᠰᠠᠯᠲᠠ ᠶᠢ ᠠᠳᠬᠤᠨ ᠬᠠᠮᠠᠭᠠᠯᠠᠯᠲᠠ ᠶᠢ ᠴᠢᠬᠤᠯᠠᠴᠢᠯᠠᠨ᠂ ᠠᠮᠢ ᠠᠬᠤᠢ ᠶᠢᠨ ᠠᠮᠤᠷ ᠲᠤᠭᠲᠠᠭᠤᠨ ᠤ ᠬᠠᠯᠬᠠᠪᠴᠢ ᠶᠢ ᠪᠠᠬᠢᠵᠢᠬᠦᠯᠦᠨ᠎ᠡ᠃    ᠨᠢᠭᠡ ᠳᠤ᠂ ᠡᠯᠡᠰᠦᠷᠬᠡᠭᠵᠢᠯ ᠢ ᠵᠠᠰᠠᠨ ᠰᠥᠨᠦᠭᠡᠬᠦ ᠳᠠᠶᠢᠯᠠᠯᠳᠤᠭᠠᠨ ᠢ ᠦᠷᠭᠦᠯᠵᠢᠯᠡᠨ ᠶᠠᠪᠤᠭᠳᠠᠭᠤᠯᠤᠨ᠎ᠠ᠃ ᠤᠯᠤᠰ ᠤᠨ ︽ᠭᠤᠷᠪᠠᠨ ᠤᠮᠠᠷᠠᠲᠤ ︾ ᠶᠢᠨ ᠴᠢᠬᠤᠯᠠ ᠪᠠᠶᠢᠯᠳᠤᠬᠤ ᠪᠤᠳᠣᠯᠭ᠎ᠠ ᠶᠢᠨ ᠢᠵᠧᠨᠧᠷᠢᠩ ᠳᠤ ᠳᠦᠰᠢᠭᠯᠡᠨ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠨᠵᠧᠨᠧᠷᠢᠩ ᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠲᠥᠷᠥᠯ ᠵᠦᠶ᠋ᠯ ᠤᠨ ᠡᠬᠢᠨ ᠤ ᠬᠤᠭᠤᠴᠠᠭᠠᠨ ᠤ ᠪᠡᠯᠡᠳᠬᠡᠯ ᠠᠵᠢᠯ ᠢ ᠤᠷᠢᠳᠴᠢᠯᠠᠨ ᠬᠦᠢᠴᠡᠳᠬᠡᠵᠤ᠂ ᠤᠨ ᠤ ᠡᠬᠦᠷᠭᠡ ᠪᠠᠨ ᠴᠢᠨᠠᠷᠲᠠᠢ ᠪᠡᠶᠡᠯᠡᠭᠦᠯᠦᠨ᠎ᠡ᠃ ᠮᠠᠯᠴᠢᠳ ᠵᠢᠴᠢ ᠬᠤᠷᠰᠢᠶᠠᠵᠢᠯ ᠢ ᠵᠤᠬᠢᠶᠠᠨ ᠪᠠᠶᠢᠭᠤᠯᠤᠨ ᠡᠯᠡᠰᠤᠷᠬᠡᠭᠵᠢᠯ ᠢ ᠵᠠᠰᠠᠬᠤ ᠠᠵᠢᠯᠯᠠᠭ᠎ᠠ ᠳᠤ ᠢᠳᠡᠪᠬᠢᠲᠡᠢ ᠤᠷᠣᠯᠴᠠᠭᠤᠯᠤᠨ᠂ ᠠᠵᠢᠯ ᠤᠯᠭᠤᠬᠤ ᠪᠠᠷ ᠳᠡᠳᠬᠦᠮᠵᠢ ᠶᠢ ᠤᠷᠣᠯᠠᠭᠤᠯᠬᠤ ᠠᠵᠢᠯ ᠢ ᠴᠢᠩᠭᠠᠷᠠᠭᠤᠯᠵᠤ᠂ ᠠᠮᠢ ᠠᠬᠤᠢ ᠶᠢ ᠵᠠᠰᠠᠨ ᠰᠠᠶᠢᠵᠢᠷᠠᠭᠤᠯᠬᠤ ᠪᠠ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠶᠢ ᠵᠡᠷᠭᠡᠪᠡᠷ ᠪᠡᠶᠡᠯᠡᠬᠦᠯᠦᠨ᠎ᠡ᠃ ᠬᠡᠳᠤ ᠮᠠᠯᠵᠢᠯ ᠤᠨ ᠠᠰᠠᠭᠤᠳᠠᠯ ᠢ ᠰᠢᠶ᠋ᠳᠪᠦᠷᠢᠯᠡᠬᠦ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠮᠠᠯ ᠪᠡᠯᠴᠢᠭᠡᠷ  ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠤᠭᠠᠬᠤ᠂ ᠰᠡᠯᠬᠦᠨ ᠮᠠᠯᠵᠢᠬᠤ ᠲᠥᠷᠢᠮ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠨ ᠨᠦᠬᠦᠪᠦᠷᠢᠯᠡᠬᠦ ᠲᠥᠷᠥ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠱᠠᠩᠨᠠᠨ ᠨᠦᠬᠦᠪᠦᠷᠢᠯᠡᠬᠦ ᠪᠡᠯᠡ ᠮᠥᠩᠭᠦ ᠶᠢ ᠣᠯᠭᠤᠬᠤ ᠬᠢᠭᠡᠳ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠴᠠ ᠶᠢ ᠬᠢᠨᠠᠮᠠᠭᠠᠶ ᠬᠡᠷᠡᠭᠵᠢᠭᠦᠯᠵᠦ᠂ ᠮᠠᠯ ᠪᠡᠯᠴᠢᠭᠡᠷ ᠤᠨ ᠲᠡᠩᠴᠡᠬᠦᠷᠢ ᠶᠢᠨ ᠵᠢᠭᠠᠯᠲᠠ ᠲᠤᠭ᠎ᠠ ᠶᠢ 10% ᠠᠴᠠ ᠳᠣᠷᠣᠭᠰᠢ ᠪᠠᠶᠢᠯᠭᠠᠨ᠎ᠠ᠃    ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠣᠭᠠᠨ ᠢ ᠪᠦᠬᠦ ᠲᠠᠯ᠎ᠠ ᠪᠠᠷ ᠰᠠᠶᠢᠲᠣᠷ ᠬᠢᠨ᠎ᠡ᠃ ᠬᠤᠶᠠᠳᠣᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠵᠢᠯ ᠤᠨ ᠳᠣᠲᠣᠷ᠎ᠠ ᠪᠦᠬᠦᠨ ᠢ ᠵᠠᠰᠠᠨ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠵᠠᠰᠠᠨ ᠴᠡᠭᠴᠡᠯᠡᠬᠦ ᠣᠨ ᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠲᠦᠪ ᠤᠨ ᠭᠤᠷᠪᠠᠳᠤᠭᠠᠷ ᠡᠭᠡᠯᠵᠢ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠨ᠎ᠡ᠃ ︽ᠡᠷᠴᠢᠮ ᠦᠬᠡᠢ᠂ ᠳᠦᠷᠢᠮᠵᠢᠭᠦᠨ ᠪᠤᠰᠤ᠂ ᠬᠡᠳᠤ ᠪᠤᠬᠢᠷᠳᠤᠯᠳᠤ︾ ᠪᠠᠶᠢᠳᠠᠯ ᠢ ᠪᠠᠶᠢᠴᠠᠭᠠᠨ ᠴᠡᠭᠴᠡᠯᠡᠬᠦ ᠠᠵᠢᠯ ᠢ ᠴᠢᠩᠭᠠᠳᠬᠠᠵᠤ᠂ ᠲᠣᠭᠤᠰᠣ ᠰᠢᠷᠣᠶ ᠶᠢᠨ ᠪᠤᠬᠢᠷᠳᠤᠯ ᠤᠨ ᠵᠠᠰᠠᠯᠲᠠ ᠶᠢ ᠪᠠᠲᠤᠲᠠᠢ ᠠᠬᠢᠭᠤᠯᠵᠤ᠂ ᠭᠤᠤᠯᠳᠠᠯᠭ᠎ᠠ ᠲᠠᠢ ᠰᠠᠪᠠ ᠭᠠᠵᠠᠷ ᠤᠨ ᠪᠠᠶᠢᠩᠭᠤ ᠶᠢᠨ ᠴᠠᠭᠳᠠᠨ ᠪᠠᠶᠢᠴᠠᠭᠠᠯᠲᠠ ᠶᠢ ᠴᠢᠩᠭᠠᠳᠬᠠᠨ᠂ ᠤᠰᠤᠨ ᠤ ᠡᠬᠢ ᠰᠤᠷᠪᠤᠯᠵᠢ ᠶᠢ ᠬᠢᠨᠠᠨ ᠬᠡᠮᠵᠢᠬᠦ ᠪᠠ ᠪᠣᠬᠢᠷ ᠤᠰᠤ ᠶᠢ ᠰᠢᠶ᠋ᠳᠪᠦᠷᠢᠯᠡᠬᠦ ᠦᠶ᠋ᠯᠡᠳᠪᠦᠷᠢ ᠶᠢᠨ ᠪᠠᠷᠢᠮᠵᠢᠶ᠎ᠠ ᠳᠤ ᠬᠦᠷᠬᠦ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠲᠣᠭᠤᠭᠠᠨ ᠭᠡᠷ ᠤᠨ ᠬᠤᠭ ᠨᠤᠪᠰᠢ ᠪᠠ ᠠᠮᠢᠳᠤᠷᠠᠯ ᠤᠨ ᠬᠤᠭ ᠨᠤᠪᠰᠢ ᠶᠢ ᠶᠡᠷᠣᠩᠭᠡᠶᠢᠯᠡᠨ ᠰᠢᠢᠳᠪᠤᠷᠢᠯᠡᠬᠦ ᠲᠠᠯᠠᠪᠤᠷ᠂ ᠪᠠᠷᠢᠯᠭ᠎ᠠ ᠶᠢᠨ ᠬᠤᠭ ᠨᠤᠪᠰᠢ ᠶᠢ ᠳᠦᠷᠢᠮᠵᠢᠬᠦᠯᠦᠨ ᠰᠢᠢᠳᠪᠤᠷᠢᠯᠡᠬᠦ ᠲᠠᠯᠠᠪᠤᠷ ᠢ ᠵᠢᠯ ᠤᠨ ᠳᠤᠳᠤᠷ᠎ᠠ ᠠᠵᠢᠯ ᠡᠬᠢᠯᠡᠬᠦᠯᠦᠨ᠎ᠡ᠃ ᠤᠯᠤᠰ ᠤᠨ ᠲᠡᠰ ᠤᠨ ᠠᠮᠢ ᠠᠬᠤᠢ ᠶᠢᠨ ᠪᠣᠯᠪᠠᠰᠤᠨ ᠤ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃    ᠭᠤᠷᠪᠠ ᠳᠤ᠂ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠭᠤᠯᠣᠯᠲᠠ ᠶᠢ ᠳᠤᠷᠤᠭᠰᠢᠯᠠᠭᠤᠯᠤᠨ ᠬᠠᠮᠲᠤ ᠶᠢᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ ︽ᠬᠤᠤᠰ ᠨᠡᠭᠦᠷᠡᠰᠦᠲᠥ᠋ᠷᠥᠭᠴᠢ ︾ ᠶᠢᠨ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂ ᠣᠯᠠᠮᠵᠢᠯᠠᠯᠲᠤ ᠠᠵᠤ ᠠᠬᠤᠶᠢᠯᠠᠯ ᠢ ᠪᠤᠬᠢᠷᠳᠣᠯ ᠦᠬᠡᠢ ᠲᠡᠶᠢᠰᠢ ᠦᠭᠡᠷᠡᠴᠢᠯᠡᠨ ᠬᠦᠭᠵᠢᠬᠦᠯᠦᠨ᠎ᠡ᠃ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠰᠠᠶᠢᠲᠤᠷ ᠠᠳᠬᠤᠵᠤ᠂ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠶ ᠥᠷᠨᠢᠭᠦᠯᠦᠨ᠂ ᠲᠤᠰ ᠵᠢᠯ ᠤᠨ ᠡᠬᠦᠷᠭᠡ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠨ᠎ᠠ᠃ ︽ᠨᠡᠮᠡᠭᠳᠡᠯ ᠪᠠ ᠨᠦᠬᠡᠴᠡᠯᠡᠯᠲᠡ ᠶᠢ ᠬᠠᠷᠢᠯᠴᠠᠨ ᠬᠤᠯᠪᠤᠬᠤ︾ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠠᠰᠢᠭᠯᠠᠨ᠎ᠠ᠃ ᠠᠭᠤᠷᠬᠠᠶ ᠶᠢᠨ ᠤᠷᠤᠨ ᠤ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢᠯᠡᠨ ᠴᠢᠩᠭᠠᠷᠠᠭᠤᠯᠵᠤ᠂ ᠮᠠᠩᠯᠠᠢ ᠨᠡᠭᠦᠷᠡᠰᠦᠨ ᠠᠭᠤᠷᠬᠠᠶ ᠪᠣᠯᠤᠨ ᠵᠦᠩ ᠡᠾᠧ ᠦᠷᠡᠨ ᠤ ᠠᠭᠤᠷᠬᠠᠶ ᠶᠢᠨ ᠦᠶ᠋ᠯᠡᠰ ᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠬᠥᠮᠥᠷᠭᠡ ᠳᠤ ᠣᠷᠣᠭᠤᠯᠬᠤ ᠶᠢ ᠠᠬᠢᠭᠤᠯᠤᠨ᠎ᠠ᠃ ᠤᠰᠤ ᠠᠷᠪᠢᠯᠠᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠬᠤ᠂ ᠪᠥᠬᠦ ᠲᠠᠯ᠎ᠠ ᠪᠠᠷ ᠠᠷᠪᠢᠯᠠᠬᠤ ᠪᠤᠯᠤᠨ ᠤᠷᠴᠢᠯ ᠠᠰᠢᠭᠯᠠᠯᠲᠠ ᠶᠢ ᠠᠬᠢᠭᠤᠯᠤᠨ᠂ ᠱᠠᠲᠤᠯᠢᠭ ᠴᠢᠨᠠᠷᠲᠠᠢ ᠤᠰᠤᠨ ᠤ ᠦᠨ᠎ᠡ ᠶᠢᠨ ᠳᠦᠷᠢᠮ ᠢ ᠳᠡᠭᠦᠯᠳᠡᠷᠵᠢᠬᠦᠯᠵᠤ᠂ ᠲᠡᠵᠢᠬᠡᠯ ᠡᠪᠡᠰᠤᠨ ᠤ ᠠᠵᠤ ᠦᠢᠯᠡᠰ ᠤᠨ ᠤᠰᠤ ᠠᠷᠪᠢᠯᠠᠨ ᠠᠰᠢᠭ ᠨᠡᠮᠡᠭᠳᠡᠬᠦᠯᠬᠦ᠂ ᠠᠵᠤ ᠦᠢᠯᠡᠳᠪᠤᠷᠢ ᠶᠢᠨ ᠤᠰᠤ ᠠᠷᠪᠢᠯᠠᠨ ᠭᠠᠳᠠᠭᠰᠢᠯᠠᠯᠲᠠ ᠶᠢ ᠪᠠᠭᠠᠰᠬᠠᠬᠤ᠂ ᠬᠤᠲᠠ ᠪᠠᠯᠭᠠᠰᠤᠨ ᠤ ᠤᠰᠤ ᠠᠷᠪᠢᠯᠠᠨ ᠬᠤᠷᠣᠭᠳᠠᠯ ᠢ ᠪᠠᠭᠠᠰᠬᠠᠬᠤ ᠵᠡᠷᠭᠡ ᠠᠷᠭ᠎ᠠ ᠠᠪᠴᠢᠯ ᠢ ᠬᠡᠷᠡᠭᠵᠢᠬᠦᠯᠦᠨ᠎ᠡ᠃ ᠮᠠᠩᠯᠠᠢ ᠴᠠᠬᠢᠯᠭᠠᠨ ᠭᠠᠷᠭᠠᠬᠤ ᠦᠢᠯᠡᠳᠪᠤᠷᠢ ᠶᠢᠨ ᠤᠲᠤᠭ᠎ᠠ ᠠᠭᠤᠷ ᠠᠴᠠ ᠤᠰᠤ ᠢᠯᠭᠠᠷᠠᠭᠤᠯᠤᠨ ᠳᠠᠬᠢᠨ ᠠᠰᠢᠭᠯᠠᠬᠤ ᠳᠦᠬᠦᠬᠡᠷᠤᠮᠵᠢ ᠶᠢ ᠪᠦᠲᠦᠬᠡᠨ ᠪᠠᠶᠢᠭᠤᠯᠵᠤ᠂ ᠳᠠᠬᠢᠨ ᠠᠰᠢᠭᠯᠠᠬᠤ ᠤᠰᠤᠨ ᠤ ᠤᠰᠤ ᠳᠠᠮᠵᠢᠭᠤᠯᠬᠤ ᠬᠤᠭᠤᠯᠠᠢ ᠶᠢᠨ ᠲᠦᠷᠦᠯ ᠵᠦᠢᠯ ᠢ ᠢᠳᠡᠪᠬᠢᠲᠡᠢ ᠪᠠᠷ ᠭᠤᠶᠤᠴᠢᠯᠠᠨ ᠮᠡᠳᠡᠬᠦᠯᠵᠦ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠴᠤᠭᠴᠠᠯᠠᠬᠤ ᠠᠵᠢᠯᠯᠠᠭ᠎ᠠ ᠶᠢ ᠢᠳᠡᠪᠬᠢᠲᠡᠢ ᠪᠠᠷ ᠦᠷᠨᠢᠬᠦᠯᠦᠨ᠎ᠡ᠃    ︵ᠲᠦᠷᠪᠡ︶ ᠥᠭᠡᠷᠡᠴᠢᠯᠡᠯᠲᠡ ᠶᠢ ᠠᠳᠬᠤᠨ ᠬᠠᠮᠳᠤᠷᠠᠯᠴᠠᠭ᠎ᠠ ᠶᠢ ᠠᠬᠢᠭᠤᠯᠤᠨ᠂ ᠰᠢᠨ᠎ᠡ ᠶᠢ ᠡᠬᠦᠳᠬᠦ ᠬᠦᠭᠵᠢᠯᠲᠡ ᠶᠢᠨ ᠬᠦᠴᠦᠨ ᠢ ᠤᠯᠠᠮ ᠨᠢᠭᠡ ᠠᠯᠬᠤᠮ ᠳᠠᠶᠢᠴᠢᠯᠠᠨ᠎ᠠ᠃    ᠨᠢᠭᠡ ᠳᠤ᠂ ᠭᠤᠣᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠪᠦᠬᠦ ᠲᠠᠯ᠎ᠠ ᠪᠠᠷ ᠦᠬᠡᠷᠡᠴᠢᠯᠡᠯᠲᠡ ᠶᠢ ᠬᠦᠨᠵᠡᠬᠡᠶᠢᠷᠡᠬᠦᠯᠬᠦ ᠬᠠᠷᠠᠯᠲᠠ ᠡᠬᠦᠷᠭᠡ ᠶᠢ ᠣᠯᠠᠮ ᠨᠢᠭᠡ ᠠᠯᠬᠤᠮ ᠴᠢᠩᠭ᠎ᠠ ᠠᠳᠬᠤᠵᠤ᠂ ᠠᠵᠤ ᠠᠬᠤᠶ ᠪᠠ ᠠᠮᠢ ᠠᠬᠤᠶ ᠶᠢᠨ ᠪᠣᠯᠪᠠᠰᠤᠨ ᠤ ᠬᠦᠷᠢᠶᠡᠨ ᠳᠠᠬᠢ 24 ᠵᠦᠢᠯ ᠤᠨ 134 ᠵᠤᠷᠪᠤᠰ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠵᠤ᠂ ᠤᠯᠤᠰ ᠤᠨ ᠦᠮᠴᠢᠯᠡᠯᠲᠤ ᠡᠳ᠋ ᠬᠦᠷᠦᠩᠭᠡ᠂ ᠠᠵᠤ ᠠᠬᠤᠶᠢᠯᠠᠯ᠂ ᠭᠠᠵᠠᠷ ᠰᠢᠷᠣᠶ ᠶᠢᠨ ᠲᠦᠷᠢᠮ᠂ ᠦᠨ᠎ᠡ ᠬᠠᠩᠰᠢ ᠶᠢᠨ ᠲᠣᠭᠲᠠᠴᠠ᠂ ᠮᠠᠯᠵᠢᠬᠤ ᠣᠷᠣᠨ᠂ ᠠᠷᠠᠳ ᠤᠨ ᠠᠮᠢᠳᠤᠷᠠᠯ᠂ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠪᠤᠯᠤᠨ ᠠᠮᠢ ᠠᠬᠤᠢ ᠶᠢᠨ ᠥᠷᠲᠡᠭ ᠤᠨ ᠪᠡᠶᠡᠯᠡᠭᠳᠡᠯ ᠤᠨ ᠲᠣᠭᠲᠠᠯᠴᠠᠭ᠎ᠠ ᠵᠡᠷᠭᠡ ᠦᠬᠡᠷᠡᠴᠢᠯᠡᠯᠲᠡ ᠶᠢᠨ ᠵᠦᠢᠯᠡᠰ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠠᠷᠠᠳᠴᠢᠯᠠᠯ ᠪᠠ ᠬᠠᠤᠯᠢ ᠪᠠᠷ ᠵᠠᠰᠠᠬᠤ᠂ ᠰᠣᠶᠣᠯ ᠤᠨ ᠪᠠᠶᠢᠭᠤᠯᠤᠯ᠂ ᠨᠡᠶᠢᠭᠡᠮ ᠤᠨ ᠪᠠᠶᠢᠭᠤᠯᠤᠯ᠂ ᠨᠠᠮ ᠤᠨ ᠪᠠᠶᠢᠭᠤᠯᠤᠯᠲᠠ᠂ ᠰᠠᠬᠢᠯᠭ᠎ᠠ ᠪᠠᠲᠤ᠂ ᠬᠢᠨᠠᠨ ᠪᠠᠶᠢᠴᠠᠭᠠᠬᠤ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠳᠤ ᠰᠠᠶᠢᠳᠤᠷ ᠬᠠᠮᠵᠢᠯᠴᠠᠨ᠎ᠠ᠃     ᠬᠤᠶᠠᠷ ᠲᠤ᠂ ᠨᠡᠬᠡᠬᠡᠯᠲᠡ᠂ ᠬᠠᠮᠲᠤᠷᠠᠯᠴᠠᠭ᠎ᠠ᠂ ᠰᠤᠯᠢᠯᠴᠠᠭ᠎ᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠬᠦᠨᠵᠡᠬᠡᠶᠢᠷᠡᠬᠦᠯᠵᠦ᠂ ᠡᠷᠢᠶᠡᠨ ᠬᠤᠲᠠ᠂ ᠪᠠᠷᠠᠭᠤᠨ ᠰᠦᠨᠢᠳ ᠯᠦᠭᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠯᠢ ᠬᠢᠵᠠᠭᠠᠷ ᠢ ᠪᠠᠬᠢᠵᠢᠭᠦᠯᠬᠦ᠂ ᠰᠣᠶᠣᠯ ᠤᠨ ᠰᠣᠯᠢᠯᠴᠠᠭ᠎ᠠ ᠬᠢᠬᠦ᠂ ᠬᠢᠯᠢ ᠶᠢᠨ ᠠᠷᠠᠳ ᠤᠨ ᠵᠠᠬ᠎ᠠ ᠶᠢ ᠨᠡᠭᠡᠬᠡᠬᠦ᠂ ᠭᠠᠳᠠᠭᠠᠳᠤ ᠶᠢᠨ ᠢᠷᠬᠡᠨ ᠤ ᠬᠠᠮᠢᠶᠠᠷᠤᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠪᠠ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠳᠤ ᠢᠳᠡᠪᠬᠢᠲᠡᠶ ᠠᠭᠤᠰᠤᠯᠴᠠᠨ᠎ᠠ᠃ ᠠᠷᠠᠯᠵᠢᠶᠠᠴᠢᠨ ᠣᠷᠢᠵᠤ ᠪᠡᠯᠡ ᠣᠷᠣᠭᠤᠯᠬᠤ ᠠᠷᠭ᠎ᠠ ᠵᠠᠮ ᠢ ᠦᠷᠬᠡᠳᠬᠡᠨ᠂ ᠭᠠᠳᠠᠭᠠᠳᠤ ᠠᠵᠤ ᠠᠬᠤᠶᠢᠯᠠᠯ ᠢ ᠮᠠᠨ ᠤ ᠬᠤᠰᠢᠭᠤᠨ ᠳᠤ ᠢᠷᠡᠵᠤ ᠪᠡᠯᠡ ᠣᠷᠣᠭᠤᠯᠣᠨ ᠦᠢᠯᠡᠰ ᠪᠤᠰᠬᠠᠬᠤ ᠶᠢ ᠵᠤᠷᠢᠭᠵᠢᠭᠤᠯᠤᠨ᠂ ᠭᠠᠳᠠᠭᠠᠳᠤ ᠪᠡᠯᠡ ᠶᠢᠨ ᠠᠰᠢᠭᠯᠠᠯᠲᠠ ᠶᠢᠨ ᠬᠠᠷᠠᠯᠲᠠ ᠶᠢ ᠡᠷᠳᠡᠬᠡᠨ ᠪᠡᠶᠡᠯᠡᠬᠦᠯᠦᠨ᠎ᠡ᠃    ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠢᠨᠵᠧᠨᠧᠷᠢᠩ ᠢ ᠪᠠᠶᠢᠩᠭᠤᠵᠢᠭᠤᠯᠤᠨ ᠠᠬᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠳᠠᠬᠢ ᠵᠠᠶᠢᠯᠠᠰᠢ ᠥᠬᠡᠶ ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠮᠡᠷᠭᠡᠵᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠡᠨᠧᠷᠭᠢ ᠶᠢᠨ ᠨᠡᠭᠡᠭᠡᠯᠲᠡ᠂ ᠠᠮᠢ ᠠᠬᠤᠶ ᠶᠢᠨ ᠬᠠᠮᠠᠭᠠᠯᠠᠯᠲᠠ᠂ ᠦᠷ᠎ᠡ ᠶᠢᠨ ᠮᠠᠯ ᠢ ᠦᠷᠡᠵᠢᠬᠦᠯᠬᠦ ᠵᠡᠷᠭᠡ ᠲᠧᠭᠨᠢᠭ ᠮᠡᠷᠭᠡᠵᠢᠯ ᠤᠨ ᠰᠢᠪᠲᠤᠯᠤᠯᠲᠠ ᠶᠢ ᠪᠡᠶᠡᠯᠡᠬᠦᠯᠦᠨ᠎ᠡ᠃ ᠵᠢᠯ ᠤᠨ ᠳᠣᠲᠣᠷ᠎ᠠ 3 ᠠᠴᠠ ᠳᠡᠭᠡᠭᠰᠢᠬᠢ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠶ᠋ᠯ᠂ 1 ︽ᠵᠠᠷᠯᠠᠯ ᠨᠡᠶᠢᠲᠡᠯᠡᠵᠤ ᠮᠠᠩᠯᠠᠶᠢᠯᠠᠭᠤᠯᠬᠤ︾ ᠲᠥᠷᠥᠯ ᠵᠦᠶ᠋ᠯ ᠢ ᠡᠷᠡᠮᠡᠯᠵᠡᠯᠡᠨ ᠮᠡᠳᠡᠭᠦᠯᠵᠦ᠂ 3 ᠬᠡᠷᠡᠭᠯᠡᠭᠡᠨ ᠤ ᠮᠡᠷᠭᠡᠵᠢᠯ ᠪᠠ ᠰᠤᠳᠤᠯᠤᠨ ᠨᠡᠭᠡᠭᠡᠬᠦ ᠲᠥᠷᠥᠯ ᠵᠦᠶ᠋ᠯ ᠢ ᠬᠡᠷᠡᠭᠵᠢᠬᠦᠯᠦᠨ᠂ 1 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠡᠷᠡᠮᠡᠯᠵᠡᠯᠡᠨ ᠮᠡᠳᠡᠭᠦᠯᠵᠦ᠂ 4 ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ ᠢ ᠰᠢᠯᠭᠠᠷᠠᠭᠤᠯᠤᠨ ᠬᠦᠮᠦᠷᠭᠡ ᠳᠤ ᠤᠷᠤᠭᠤᠯᠤᠨ᠎ᠠ᠃ ᠦᠪᠡᠷᠲᠡᠭᠡᠨ ᠵᠠᠰᠠᠬᠤ ᠤᠷᠣᠨ ᠤ ᠳᠤᠤᠷ᠎ᠠ ᠠᠭᠠᠷ ᠤᠨ ᠠᠵᠤ ᠠᠬᠤᠢ ᠶᠢ ᠬᠦᠭᠵᠢᠬᠦᠯᠬᠦ ᠬᠤᠯᠪᠤᠭᠳᠠᠯ ᠪᠦᠬᠦᠢ ᠲᠦᠷᠦ ᠶᠢᠨ ᠪᠤᠳᠣᠯᠭ᠎ᠠ ᠪᠠ ᠮᠠᠨ ᠤ ᠬᠤᠰᠢᠭᠤᠨ ᠤ ᠣᠷᠣᠨ ᠪᠦᠰᠡ ᠶᠢᠨ ᠳᠠᠪᠠᠭᠤᠯᠢᠭ ᠢᠶᠠᠨ ᠲᠦᠰᠢᠭᠯᠡᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠳᠤᠰᠠᠯᠠᠬᠤ᠂ ᠲᠠᠷᠢᠶᠠᠯᠠᠩ ᠤᠢ ᠰᠢᠭᠤᠢ ᠶᠢᠨ ᠠᠵᠢᠯ᠂ ᠰᠤᠶᠤᠯ ᠵᠢᠭᠤᠯᠴᠢᠯᠠᠯ᠂ ᠪᠤᠳᠠᠰ ᠤᠨ ᠬᠦᠢᠯᠬᠡᠬᠡᠨ ᠤ ᠲᠡᠭᠡᠭᠡᠪᠤᠷᠢ ᠵᠡᠷᠭᠡ ᠣᠯᠠᠨ ᠡᠰᠢᠲᠤ ᠬᠡᠷᠡᠭᠯᠡᠬᠡᠨ ᠤ ᠣᠷᠴᠢᠨ ᠠᠬᠤᠢ ᠶᠢ ᠰᠦᠪᠡᠭᠴᠢᠯᠡᠨ ᠪᠠᠶᠢᠭᠤᠯᠵᠤ᠂ ᠲᠣᠷᠰᠢᠯᠲᠠ ᠶᠢᠨ ᠲᠦᠷᠦᠯ ᠵᠦᠢᠯ ᠢ ᠢᠳᠡᠪᠬᠢᠲᠡᠢ ᠳᠠᠭᠠᠭᠠᠴᠢᠯᠠᠨ ᠠᠪᠴᠤ᠂ ᠳᠤᠤᠷ᠎ᠠ ᠠᠭᠠᠷ ᠤᠨ ᠠᠵᠤ ᠠᠬᠤᠢ ᠶᠢᠨ ᠬᠡᠷᠡᠭᠯᠡᠬᠡᠨ ᠤ ᠣᠷᠴᠢᠨ ᠠᠬᠤᠢ ᠶᠢᠨ ᠰᠤᠳᠤᠯᠭᠠᠨ ᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠴᠢᠷᠮᠠᠶᠢᠨ᠎ᠠ᠃    ︵ᠲᠠᠪᠤ︶ ᠪᠥᠳᠥᠭᠡᠨ ᠪᠠᠶᠢᠭᠤᠯᠤᠯᠲᠠ ᠶᠢ ᠠᠳᠬᠤᠨ᠂ ᠳᠣᠳᠠᠭᠳᠠᠯ ᠢᠶᠠᠨ ᠨᠥᠬᠦᠪᠥᠷᠢᠯᠡᠵᠦ᠂ ᠬᠤᠳᠠ ᠬᠥᠳᠡᠭᠡ ᠶᠢᠨ ᠵᠣᠬᠢᠴᠠᠩᠭᠤᠶ ᠬᠥᠭᠵᠢᠯᠲᠡ ᠶᠢ ᠤᠯᠠᠮ ᠨᠢᠭᠡ ᠠᠯᠬᠤᠮ ᠲᠥᠯᠬᠢᠨ ᠠᠬᠢᠭᠤᠯᠤᠨ᠎ᠠ᠃    ᠨᠢᠭᠡ ᠳᠤ᠂ ᠬᠤᠳᠠ ᠶᠢᠨ ᠰᠢᠨᠡᠴᠢᠯᠡᠯᠡᠲᠡ ᠶᠢ ᠲᠦᠷᠭᠡᠳᠭᠡᠨ᠎ᠡ᠃ ᠪᠦᠲᠦᠬᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠮᠲᠤ ᠳᠤ ᠨᠢ ᠠᠳᠬᠤᠵᠤ᠂ ᠬᠤᠲᠠ ᠶᠢᠨ ᠦᠢᠯᠡᠳᠦᠯ ᠴᠢᠳᠠᠪᠬᠢ ᠶᠢ ᠡᠮᠬᠢ ᠵᠢᠷᠦᠮ ᠲᠠᠢ ᠳᠡᠭᠡᠭᠰᠢᠯᠡᠬᠦᠯᠦᠨ᠎ᠡ᠃ ︽ᠳᠣᠯᠠᠭᠠᠯᠠᠯᠭ᠎ᠠ ᠶᠢᠨ ᠢᠨᠵᠧᠨᠧᠷᠢᠩ︾ ᠤᠨ ᠶᠠᠰᠤ ᠴᠢᠨᠠᠷ ᠢ ᠦᠷᠭᠦᠯᠵᠢᠯᠡᠨ ᠪᠠᠬᠢᠵᠢᠭᠦᠯᠵᠦ᠂ 15.5 ᠺᠢᠯᠣᠮᠧᠳ᠋ᠷ ᠳᠣᠯᠠᠭᠠᠯᠠᠯᠭ᠎ᠠ ᠬᠠᠩᠭᠠᠬᠤ ᠬᠤᠭᠤᠯᠠᠶ ᠶᠢ ᠥᠭᠡᠷᠡᠴᠢᠯᠡᠵᠦ᠂ ᠳᠣᠯᠠᠭᠠᠯᠠᠯᠭ᠎ᠠ ᠬᠠᠩᠭᠠᠬᠤ ᠶᠠᠰᠤ ᠴᠢᠨᠠᠷ ᠢ ᠳᠡᠭᠡᠭᠰᠢᠯᠡᠬᠦᠯᠦᠨ᠎ᠡ᠃ 33.9 ᠺᠢᠯᠣᠮᠧᠳ᠋ᠷ ᠬᠤᠲᠠ ᠪᠠᠯᠭᠠᠰᠤᠨ ᠤ ᠤᠰᠤ ᠬᠠᠩᠭᠠᠬᠤ ᠬᠤᠭᠤᠯᠠᠶ ᠶᠢ ᠦᠭᠡᠷᠡᠴᠢᠯᠡᠵᠦ᠂ 5300 ᠭᠠᠷᠤᠢ ᠬᠡᠰᠡᠭ ᠲᠦᠭᠡᠭᠡᠯ ᠤᠰᠤᠨ ᠤ ᠬᠡᠮᠵᠢᠭᠦᠷ ᠢ ᠰᠤᠯᠢᠨ ᠰᠢᠨᠡᠳᠬᠡᠨ᠎ᠡ᠃ ᠦᠶᠡᠷ ᠣᠰᠣᠳᠠᠯ ᠢ ᠰᠡᠷᠭᠡᠶᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ 13 ᠺᠢᠯᠣᠮᠧᠳ᠋ᠷ ᠤᠰᠤ ᠭᠠᠳᠠᠭᠰᠢᠯᠠᠭᠤᠯᠬᠤ ᠬᠤᠭᠤᠯᠠᠶ ᠶᠢ ᠰᠢᠨ᠎ᠡ ᠪᠠᠷ ᠪᠠᠶᠢᠭᠤᠯᠤᠨ᠎ᠠ᠃ ᠶᠢᠨ ᠱᠠᠩ ᠶᠤᠸᠠᠨ ᠤ ᠬᠤᠶᠠᠳᠤᠭᠠᠷ ᠬᠤᠭᠤᠴᠠᠭ᠎ᠠ᠂ ᠴᠠᠩᠲᠤ ᠲᠤᠭᠤᠷᠢᠭ ᠤᠨ ᠳᠥᠷᠪᠡᠳᠦᠭᠡᠷ ᠬᠤᠭᠤᠴᠠᠭ᠎ᠠ ᠵᠡᠷᠭᠡ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ︽ᠬᠡᠷ ᠪᠠᠶᠢᠰᠢᠩ ᠲᠤᠰᠢᠶᠠᠪᠠᠯ ᠳᠠᠷᠤᠶ ᠦᠨᠡᠮᠯᠡᠯ ᠣᠯᠭᠤᠬᠤ︾ ᠶᠢ ᠪᠠᠶᠢᠩᠭᠤᠵᠢᠭᠤᠯᠤᠨ ᠠᠬᠢᠭᠤᠯᠤᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ ᠪᠠ ᠪᠠᠷᠢᠯᠭ᠎ᠠ ᠶᠢᠨ ᠶᠠᠰᠤ ᠴᠢᠨᠠᠷ ᠤᠨ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠨᠡᠶᠢᠲᠡ ᠶᠢᠨ ᠬᠡᠷᠡᠭᠯᠡᠬᠡᠨ ᠤ ᠳᠦᠬᠦᠬᠡᠷᠤᠮᠵᠢ ᠶᠢᠨ ᠰᠢᠨᠡᠴᠢᠯᠡᠯᠲᠡ ᠶᠢ ᠴᠢᠩᠭᠠᠳᠬᠠᠨ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠬᠤᠶᠠᠷ ᠲᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠣᠭᠤᠯᠣᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠥᠲᠦᠮᠵᠢᠲᠡᠢ ᠵᠣᠯᠭᠠᠭᠤᠯᠵᠤ᠂ ᠲᠠᠬᠢᠨ ᠶᠠᠳᠠᠭᠤᠷᠠᠬᠤ᠂ ᠶᠠᠳᠠᠭᠤᠷᠠᠬᠤ ᠠᠴᠠ ᠰᠡᠷᠭᠡᠶᠢᠯᠡᠬᠦ ᠶᠢ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠶᠡᠭᠡ ᠬᠡᠪᠴᠢᠶ᠎ᠡ ᠪᠠᠷ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ 4200 ᠭᠠᠷᠤᠢ ᠲᠦᠮᠡᠨ ᠲᠥᠭᠦᠷᠢᠭ ᠤᠨ ᠳᠡᠭᠡᠳᠦ ᠱᠠᠲᠤᠨ ᠤ ᠵᠣᠯᠭᠠᠭᠤᠯᠬᠤ ᠪᠠᠯᠠ ᠮᠥᠩᠭᠦ ᠶᠢ ᠤᠯᠬᠤ ᠪᠠᠷ ᠢᠳᠡᠪᠬᠢᠲᠡᠶ ᠡᠷᠡᠮᠡᠯᠵᠡᠯᠡᠵᠣ᠂ ᠮᠠᠯ ᠠᠵᠤ ᠠᠬᠤᠶ ᠶᠢᠨ ᠲᠤᠨᠤᠭ ᠳᠦᠬᠦᠬᠡᠷᠤᠮᠵᠢ᠂ ᠡᠪᠡᠰᠦ ᠪᠣᠷᠳᠤᠭ᠎ᠠ ᠡᠳ᠋ᠰᠢᠭᠦᠯᠬᠦ ᠵᠡᠷᠭᠡ ᠬᠦᠷᠢᠶ᠎ᠡ ᠴᠠᠷ᠎ᠠ ᠶᠢᠨ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 12 ᠲᠥᠷᠥᠯ ᠵᠦᠢᠯ ᠢ ᠭᠤᠤᠯᠳᠠᠯᠭ᠎ᠠ ᠲᠠᠢ ᠬᠡᠷᠡᠭᠵᠢᠭᠦᠯᠵᠦ᠂ ᠬᠠᠮᠲᠤ ᠶᠢᠨ ᠬᠦᠷᠦᠩᠭᠡ ᠶᠢᠨ ᠬᠠᠮᠢᠶᠠᠷᠤᠯᠲᠠ ᠶᠢᠨ ᠬᠢᠷᠢ ᠳᠦᠪᠰᠢᠨ ᠢ ᠲᠤᠭᠲᠠᠭᠤᠨ ᠢᠶᠠᠷ ᠳᠡᠭᠡᠭᠰᠢᠯᠡᠬᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠣᠷᠣᠨ ᠤ 14 ᠡᠷᠦᠬᠡ ᠶᠢᠨ ᠠᠶᠤᠯᠲᠠᠶ ᠬᠡᠷ ᠪᠠᠶᠢᠰᠢᠩ ᠢ ᠰᠢᠨᠡᠳᠬᠡᠨ᠂ 176 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠨ᠎ᠠ᠃ ᠡᠪᠡᠳᠴᠢᠨ ᠢᠶᠠᠷ ᠥᠭᠦᠭᠰᠡᠨ ᠮᠠᠯ ᠵᠢᠭᠦᠷᠲᠡᠨ ᠢ ᠪᠤᠬᠢᠷᠳᠣᠯ ᠦᠭᠡᠢ ᠰᠢᠢᠳᠪᠦᠷᠢᠯᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯ ᠵᠢᠭᠦᠷᠲᠡᠨ ᠤ ᠢᠯᠭᠠᠳᠠᠰᠣ ᠶᠢᠨ ᠡᠬᠢ ᠪᠠᠶᠠᠯᠢᠭ ᠢ ᠠᠰᠢᠭᠯᠠᠬᠤ ᠲᠥᠷᠥᠯ ᠵᠦᠢᠯ ᠢ ᠰᠦᠪᠡᠭᠴᠢᠯᠡᠨ᠎ᠡ᠃ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠤᠯᠤᠰ᠂ ᠣᠷᠣᠨ ᠤ ᠳᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶᠡᠴᠢ ᠭᠠᠴᠠᠭ᠎ᠠ ᠶᠢ ᠡᠭᠦᠳᠦᠨ ᠪᠠᠶᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠤᠨ᠎ᠠ᠃    ᠭᠤᠷᠪᠠ ᠳᠤ᠂ ᠰᠠᠭᠤᠷᠢ ᠲᠥᠬᠦᠭᠡᠷᠦᠮᠵᠢ ᠶᠢᠨ ᠪᠦᠲᠦᠬᠡᠨ ᠪᠠᠶᠢᠭᠤᠯᠤᠯᠲᠠ ᠶᠢ ᠲᠡᠬᠦᠯᠳᠡᠷᠵᠢᠬᠦᠯᠦᠨ᠎ᠡ᠃ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠰᠠᠶᠢᠲᠤᠷ ᠬᠢᠵᠦ᠂ ᠮᠠᠯᠵᠢᠬᠤ ᠣᠷᠣᠨ ᠤ ᠬᠤᠰᠢᠭᠤᠨ ᠤ ᠬᠡᠪᠴᠢᠶᠡᠨ ᠤ ᠤᠰᠤ ᠬᠠᠩᠭᠠᠬᠤ ᠨᠡᠶᠢᠳᠡᠮ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠳᠦᠯᠬᠢᠨ ᠠᠬᠢᠭᠤᠯᠵᠤ᠂ 62 ᠤᠰᠤᠨ ᠰᠤᠷᠪᠤᠯᠵᠢ ᠶᠢᠨ ᠬᠤᠳᠳᠤᠭ ᠢ ᠰᠢᠨ᠎ᠡ ᠪᠠᠷ ᠮᠠᠯᠲᠠᠵᠤ᠂ 200 ᠤᠰᠤᠨ ᠵᠣᠭᠤᠷᠢ ᠶᠢ ᠡᠷᠦᠬᠡ ᠳᠤ ᠣᠷᠣᠭᠤᠯᠬᠤ ᠢᠨᠵᠧᠨᠧᠷᠢᠩ ᠢ ᠬᠡᠷᠡᠭᠵᠢᠭᠦᠯᠵᠦ᠂ 9.6 ᠺᠢᠯᠣᠮᠧᠳ᠋ᠷ ᠤᠰᠤ ᠬᠠᠩᠭᠠᠬᠤ ᠬᠤᠭᠤᠯᠠᠶ ᠶᠢ ᠪᠥᠲᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠴᠠᠬᠢᠯᠭᠠᠨ ᠲᠣᠤᠷ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠳᠥᠯᠭᠢᠨ ᠠᠬᠢᠭᠤᠯᠵᠤ᠂ 123 ᠺᠢᠯᠣᠮᠧᠳ᠋ᠷ ᠤᠨ ᠬᠥᠳᠡᠭᠡ ᠲᠣᠰᠬᠤᠨ ᠤ ᠴᠠᠬᠢᠯᠭᠠᠨ ᠲᠣᠤᠷ ᠢ ᠥᠭᠡᠷᠡᠴᠢᠯᠡᠨ ᠰᠢᠯᠢᠳᠡᠭᠵᠢᠭᠦᠯᠵᠦ᠂ ᠬᠢᠯᠢ ᠬᠢᠵᠠᠭᠠᠷ ᠣᠷᠣᠨ ᠤ 89 ᠮᠠᠯᠵᠢᠬᠤ ᠡᠷᠦᠬᠡ ᠳᠤ ᠴᠠᠬᠢᠯᠭᠠᠨ ᠨᠡᠪᠲᠡᠷᠡᠭᠦᠯᠦᠨ᠎ᠡ᠃ ᠮᠠᠯᠵᠢᠬᠤ ᠣᠷᠣᠨ ᠤ ᠰᠦᠯᠵᠢᠶᠡᠨ ᠲᠤᠬᠢᠶᠠᠨ ᠤ ᠪᠦᠷᠬᠦᠴᠡ ᠶᠢ ᠨᠡᠮᠡᠭᠳᠡᠭᠦᠯᠵᠦ᠂ 20 ᠰᠠᠭᠤᠷᠢ 4G ᠥᠷᠲᠡᠭᠡ ᠶᠢ ᠰᠢᠨ᠎ᠡ ᠪᠠᠷ ᠪᠠᠶᠢᠭᠤᠯᠤᠨ᠎ᠠ᠃ ᠵᠠᠮ ᠬᠠᠷᠢᠯᠴᠠᠭᠠᠨ ᠤ ᠨᠡᠪᠲᠡᠷᠡᠯᠴᠡᠭᠡ ᠶᠢ ᠰᠠᠶᠢᠵᠢᠷᠠᠭᠤᠯᠵᠣ᠂ 1 ᠵᠤᠷᠪᠤᠰ ᠠᠵᠤ ᠦᠢᠯᠡᠰ ᠤᠨ ᠵᠠᠰᠠᠮᠠᠯ ᠵᠠᠮ᠂ 1 ᠵᠤᠷᠪᠤᠰ ᠰᠠᠯᠬᠢᠨ ᠴᠠᠬᠢᠯᠭᠠᠨ ᠤ ᠲᠠᠯᠠᠪᠤᠷ ᠲᠤ ᠣᠷᠣᠬᠤ ᠵᠠᠮ ᠢ ᠰᠡᠯᠪᠢᠨ ᠵᠠᠰᠠᠬᠤ ᠵᠢᠴᠢ 2 ᠵᠤᠷᠪᠤᠰ ︽ᠵᠠᠮ ᠵᠠᠰᠠᠬᠤ ᠶᠢᠨ ᠳᠠᠭᠠᠣ ᠡᠯᠡᠰᠦ ᠶᠢ ᠵᠠᠰᠠᠬᠤ︾ ᠲᠦᠷᠦᠯ ᠵᠦᠢᠯ ᠢ ᠬᠡᠷᠡᠭᠵᠢᠬᠦᠯᠦᠨ᠂ 278.8 ᠺᠢᠯᠣᠮᠧᠳ᠋ᠷ ᠮᠠᠯᠵᠢᠬᠤ ᠤᠷᠣᠨ ᠤ ᠵᠠᠰᠠᠮᠠᠯ ᠵᠠᠮ ᠢ ᠪᠦᠲᠦᠬᠡᠨ ᠪᠠᠶᠢᠭᠤᠯᠤᠨ᠎ᠠ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠪᠣᠯᠤᠨ ᠢᠵᠢ ᠪᠦᠷᠢᠳᠦᠭᠦᠯᠬᠦ ᠲᠠᠭᠠᠯᠳᠠ ᠢᠨᠵᠧᠨᠧᠷᠢᠩ ᠤᠨ ᠲᠥᠷᠥᠯ ᠵᠦᠢᠯ ᠢ ᠵᠢᠯ ᠤᠨ ᠳᠣᠲᠣᠷ᠎ᠠ ᠠᠵᠢᠯ ᠡᠬᠢᠯᠡᠭᠦᠯᠦᠨ᠎ᠡ᠃    ︵ᠵᠢᠷᠭᠤᠭ᠎ᠠ︶ ᠦᠢᠯᠡᠴᠢᠯᠡᠭᠡ ᠶᠢ ᠠᠳᠬᠤᠵᠣ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠤᠯᠠᠨ ᠲᠦᠮᠡᠨ ᠤ ᠵᠤᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠬᠦᠯᠦᠨ᠎ᠡ᠃    ᠨᠢᠭᠡ ᠳᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠦᠷᠭᠡᠳᠬᠡᠨ ᠲᠡᠬᠦᠯᠳᠡᠷᠵᠢᠬᠦᠯᠦᠨ᠎ᠡ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠵᠢᠯ ᠤᠨ ᠳᠣᠲᠣᠷ᠎ᠠ ᠬᠤᠲᠠ ᠪᠠᠯᠭᠠᠰᠣᠨ ᠤ 240 ᠭᠠᠷᠣᠢ ᠬᠦᠮᠦᠰ ᠲᠤ ᠰᠢᠨ᠎ᠡ ᠪᠠᠷ ᠠᠵᠢᠯ ᠤᠯᠭᠤᠵᠣ᠂ 2000 ᠭᠠᠷᠣᠢ ᠮᠠᠯᠴᠢᠨ ᠢ ᠬᠤᠲᠠ ᠣᠷᠤᠭᠤᠯᠤᠨ ᠠᠵᠢᠯ ᠣᠯᠭᠤᠬᠤ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠠᠵᠢᠯ ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠪᠠᠶᠢᠯᠭᠠᠨ᠎ᠠ᠃ ᠠᠵᠢᠯ ᠤᠯᠬᠤ ᠳᠤ ᠬᠦᠴᠢᠷᠲᠡᠶ ᠬᠥᠮᠦᠰ ᠪᠠ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠲᠠᠳ ᠤᠨ ᠠᠵᠢᠯ ᠣᠯᠭᠤᠯᠲᠠ ᠳᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠠᠳᠬᠤᠵᠤ᠂ ᠦᠢᠯᠡᠰ ᠪᠣᠰᠬᠠᠬᠤ ᠳᠤ ᠵᠢᠭᠡᠯᠡᠯᠭᠡ ᠬᠠᠩᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢ ᠴᠢᠩᠭᠠᠳᠬᠠᠵᠤ᠂ ᠨᠡᠩ ᠤᠯᠠᠨ ᠬᠥᠮᠦᠨ ᠤ ᠦᠢᠯᠡᠰ ᠪᠤᠰᠬᠠᠬᠤ ᠶᠢ ᠲᠠᠶᠢᠴᠢᠯᠠᠨ᠎ᠠ᠃ ᠴᠠᠯᠢᠩ ᠥᠷᠢᠲᠦᠬᠦ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠴᠠᠯᠢᠩ ᠥᠷᠢᠲᠦᠬᠦ ᠭᠤᠤᠯᠳᠠᠯᠭᠠᠲᠤ ᠬᠡᠷᠡᠭ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠯᠠᠪᠳᠠᠭᠤᠨ ᠪᠠᠲᠤᠲᠠᠢ ᠪᠠᠷ ᠰᠢᠢᠳᠪᠤᠷᠢᠯᠡᠬᠦ ᠶᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠵᠡᠷᠭᠡ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠦᠷᠭᠡᠳᠬᠡᠨ᠎ᠡ᠃ ᠠᠰᠠᠷᠠᠮᠵᠢ ᠶᠢᠨ ᠬᠦᠷᠢᠶᠡᠯᠡᠩ ᠢ ᠳᠡᠰ ᠳᠡᠪᠰᠢᠭᠦᠯᠦᠨ ᠦᠭᠡᠷᠡᠴᠢᠯᠡᠬᠦ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠢᠨᠵᠧᠨᠧᠷᠢᠩ ᠢ ᠠᠬᠢᠭᠤᠯᠵᠤ᠂ ᠭᠠᠴᠠᠭᠠᠨ ᠤ ᠨᠠᠰᠤᠵᠢᠯ ᠤᠨ ᠦᠢᠯᠡᠴᠢᠯᠡᠬᠡᠨ ᠤ ᠥᠷᠲᠡᠭᠡ ᠶᠢ ᠥᠷᠭᠡᠳᠬᠡᠨ ᠪᠠᠶᠢᠭᠤᠯᠵᠤ᠂ ᠨᠠᠰᠤᠵᠢᠯ ᠤᠨ ᠦᠢᠯᠡᠴᠢᠯᠡᠬᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠬᠡᠢ ᠪᠦᠷᠢᠨᠰᠢᠬᠦᠯᠦᠨ᠎ᠡ᠃ ᠣᠷᠣᠰᠢᠭᠤᠯᠭ᠎ᠠ ᠶᠢᠨ ᠠᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠶᠢᠲᠡ ᠶᠢᠨ ᠦᠢᠯᠡᠴᠢᠯᠡᠬᠡᠨ ᠤ ᠴᠢᠨᠠᠷᠲᠠᠢ ᠣᠷᠣᠰᠢᠭᠤᠯᠭ᠎ᠠ ᠶᠢᠨ ᠭᠠᠵᠠᠷ ᠪᠠ ᠦᠷᠡᠭᠳᠡᠭᠰᠡᠨ ᠪᠠᠭᠠᠲᠤᠷᠴᠤᠳ ᠤᠨ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠷᠭᠡᠳᠬᠡᠨ᠎ᠡ᠃    ᠬᠤᠶᠠᠷ ᠲᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠬᠦᠯᠦᠨ᠎ᠡ᠃ ᠣᠯᠣᠰ ᠤᠨ ᠨᠡᠶᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠤᠨ ᠵᠢᠭᠠᠨ ᠰᠣᠷᠭᠠᠯᠲᠠ ᠶᠢ ᠭᠤᠶᠢᠪᠢᠰᠢ ᠦᠬᠡᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠳᠤᠮᠳᠠᠳᠤ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠥᠭᠡᠷᠡᠴᠢᠯᠡᠯᠲᠡ ᠶᠢ ᠬᠦᠨᠵᠡᠬᠡᠢ ᠲᠦᠯᠬᠢᠨ ᠠᠬᠢᠭᠤᠯᠵᠤ᠂ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠬᠤ ᠶᠢ ᠰᠤᠳᠤᠯᠤᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠲᠦᠷᠢᠮ ᠤᠨ ᠥᠭᠡᠷᠡᠴᠢᠯᠡᠯᠲᠡ ᠶᠢ ᠰᠦᠪᠡᠭᠴᠢᠯᠡᠨ᠎ᠡ᠃ ᠪᠠᠭᠰᠢ ᠶᠢᠨ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠨ ᠬᠡᠷᠡᠭᠯᠡᠬᠦ ᠶᠢ ᠲᠡᠭᠦᠯᠳᠡᠷᠵᠢᠬᠦᠯᠦᠨ᠎ᠡ᠃ ᠨᠡᠷᠡᠲᠤ ᠪᠠᠭᠰᠢ ᠶᠢ ᠤᠷᠢᠨ ᠬᠦᠮᠦᠵᠢᠬᠦᠯᠵᠤ᠂ ᠱᠠᠩᠨᠠᠨ ᠲᠣᠷᠭᠠᠵᠤ ᠰᠢᠯᠭᠠᠨ ᠦᠨᠡᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠤᠷᠭᠠᠨ ᠬᠦᠮᠦᠵᠢᠯᠲᠡᠨ ᠤ ᠵᠣᠷᠢᠭ ᠰᠠᠨᠠᠭ᠎ᠠ ᠶᠢ ᠪᠠᠭᠰᠢ ᠶᠢᠨ ᠪᠤᠯᠪᠠᠰᠤᠷᠠᠯ ᠤᠨ ᠪᠦᠬᠦ ᠶᠠᠪᠤᠴᠠ ᠳᠤ ᠠᠭᠤᠰᠬᠠᠨ᠂ ᠰᠤᠷᠭᠠᠨ ᠬᠦᠮᠦᠵᠢᠯ ᠤᠨ ᠶᠠᠰᠤ ᠴᠢᠨᠠᠷ ᠢ ᠴᠢᠷᠮᠠᠶᠢᠨ ᠳᠡᠭᠡᠭᠰᠢᠯᠡᠬᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯᠠᠯ ᠢ ᠡᠭᠦᠳᠦᠨ ᠪᠠᠶᠢᠭᠤᠯᠬᠤ ᠠᠵᠢᠯ ᠤᠨ ᠶᠠᠪᠤᠴᠠ ᠳᠠᠬᠢ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ ᠬᠢᠨᠠᠨ ᠦᠨᠡᠯᠡᠯᠲᠡ ᠳᠤ ᠦᠨᠳᠦᠷ ᠪᠦᠲᠦᠮᠵᠢ ᠣᠯᠬᠤ ᠪᠠᠷ ᠴᠢᠷᠮᠠᠶᠢᠨ᠎ᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠪᠠ ︽ᠰᠣᠷᠣᠭᠴᠢ ᠪᠠᠨ ᠬᠠᠮᠠᠭᠠᠯᠠᠨ ᠰᠤᠷᠭᠠᠭᠤᠯᠢ ᠪᠠᠨ ᠳᠣᠭᠲᠠᠪᠣᠷᠢᠵᠢᠭᠤᠯᠬᠤ︾ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠤᠷᠭᠠᠭᠤᠯᠢ ᠶᠢᠨ ᠬᠤᠭᠤᠯᠠᠨ ᠲᠢᠩᠭᠢᠮ ᠤᠨ ᠬᠠᠮᠢᠶᠠᠷᠤᠯᠲᠠ ᠶᠢ ᠴᠢᠩᠭᠠᠳᠬᠠᠨ᠂ ᠠᠮᠤᠷ ᠲᠤᠭᠲᠠᠭᠤᠨ ᠤ ᠬᠢᠷᠢ ᠳᠦᠪᠰᠢᠨ ᠢ ᠳᠡᠭᠡᠭᠰᠢᠯᠡᠬᠦᠯᠦᠨ᠎ᠡ᠃ ᠰᠤᠷᠭᠠᠨ ᠬᠥᠮᠦᠵᠢᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠴᠢᠩᠭᠠᠳᠬᠠᠵᠤ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠶᠡᠷᠦᠩᠬᠡᠶᠢᠯᠡᠭᠰᠡᠨ ᠬᠦᠳᠡᠯᠬᠡᠬᠡᠨ ᠤ ᠠᠰᠠᠷ ᠢ 3 ᠰᠠᠷ᠎ᠠ ᠠᠴᠠ ᠡᠮᠦᠨ᠎ᠡ ᠬᠡᠷᠡᠭᠯᠡᠯᠲᠡ ᠳᠤ ᠣᠷᠤᠭᠤᠯᠤᠨ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠪᠠᠶᠢᠷᠢ ᠶᠢᠨ ᠠᠰᠠᠷ ᠤᠨ ᠲᠥᠷᠥᠯ ᠵᠦᠢᠯ ᠢ 8 ᠰᠠᠷ᠎ᠠ ᠳᠤ ᠠᠵᠢᠯ ᠡᠬᠢᠯᠡᠭᠦᠯᠵᠦ᠂ ᠲᠤᠷᠰᠢᠯᠲᠠ ᠳᠠᠳᠤᠯᠭ᠎ᠠ ᠶᠢᠨ ᠠᠰᠠᠷ ᠢ ᠵᠢᠯ ᠤᠨ ᠳᠣᠲᠣᠷ᠎ᠠ ᠪᠠᠷᠢᠯᠭ᠎ᠠ ᠳᠠᠭᠤᠰᠬᠠᠨ᠎ᠠ᠃    ᠭᠤᠷᠪᠠ ᠳᠤ᠂ ᠠᠠᠷᠳ ᠲᠦᠮᠡᠨ ᠤ ᠡᠷᠡᠭᠦᠯ ᠡᠩᠬᠡ ᠶᠢ ᠭᠦᠢᠴᠡᠳ ᠪᠠᠲᠤᠯᠠᠨ᠎ᠠ᠃ ᠡᠮᠴᠢᠯᠡᠭᠡᠨ ᠤ ᠦᠢᠯᠡᠴᠢᠯᠡᠭᠡ ᠶᠢ ᠰᠠᠢᠵᠢᠷᠠᠭᠤᠯᠬᠤ ᠳᠥᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠠᠬᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠶ ᠪᠠᠢᠷᠢᠭᠤᠯᠤᠯᠲᠠ ᠶᠢ ᠠᠬᠢᠭᠤᠯᠤᠨ᠎ᠠ᠃ ᠬᠢᠲᠠᠳ ︵ᠮᠣᠩᠭᠤᠯ︶ ᠡᠮᠨᠡᠯᠭᠡ ᠶᠢᠨ ᠭᠤᠤᠯᠳᠠᠯᠭ᠎ᠠ ᠲᠠᠢ ᠲᠤᠰᠬᠠᠶ ᠰᠠᠯᠠᠭᠠᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠪᠠ ᠤᠳᠠᠭᠠᠨ ᠴᠢᠨᠠᠷᠲᠠᠶ ᠡᠪᠡᠳᠴᠢᠨ᠂ ᠣᠷᠣᠨ ᠨᠤᠲᠤᠭ ᠤᠨ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠦᠷᠨᠢᠭᠦᠯᠦᠨ᠎ᠡ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠲᠥᠪ ᠤᠨ ᠡᠮᠴᠢᠯᠡᠭᠡᠨ ᠤ ᠲᠤᠨᠤᠭ ᠲᠦᠭᠦᠭᠡᠷᠦᠮᠵᠢ ᠶᠢ ᠰᠢᠨᠡᠳᠬᠡᠬᠦ ᠶᠢ ᠠᠬᠢᠭᠤᠯᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠪᠠ ᠦᠨᠳᠦᠰᠦᠨ ᠱᠠᠲᠤᠨ ᠤ 7 ᠡᠷᠡᠭᠦᠯ ᠬᠠᠮᠠᠭᠠᠯᠠᠯ ᠤᠨ ᠬᠤᠷᠢᠶ᠎ᠠ ᠶᠢ ᠦᠭᠡᠷᠡᠴᠢᠯᠡᠨ ᠳᠡᠭᠡᠭᠰᠢᠯᠡᠬᠦᠯᠦᠨ᠎ᠡ᠃ ᠡᠮᠴᠢ ᠰᠤᠪᠢᠯᠠᠭᠴᠢ ᠶᠢᠨ ᠪᠤᠯᠪᠠᠰᠤᠷᠠᠯ ᠤᠨ ᠡᠷᠴᠢᠮ ᠢ ᠴᠢᠩᠭᠠᠳᠬᠠᠨ᠂ 20 ᠨᠡᠷᠡᠰ ᠡᠮᠨᠡᠯᠭᠡ ᠶᠢᠨ ᠠᠵᠢᠯᠲᠠᠨ ᠢ ᠰᠢᠨ᠎ᠡ ᠪᠠᠷ ᠡᠯᠰᠡᠨ ᠬᠡᠷᠡᠭᠯᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠪᠠ ᠡᠷᠡᠭᠦᠯ ᠡᠩᠬᠡ ᠶᠢᠨ ᠬᠥᠮᠦᠵᠢᠯ ᠢ ᠭᠦᠨᠵᠡᠭᠡᠶ ᠦᠷᠨᠢᠭᠦᠯᠦᠨ᠂ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠢᠳᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠬᠤᠯᠤᠭᠠᠨ᠎ᠠ ᠤᠰᠠᠳᠬᠠᠬᠤ ᠠᠵᠢᠯ ᠢ ᠰᠠᠶᠢᠲᠤᠷ ᠠᠳᠬᠤᠵᠤ᠂ ᠬᠤᠯᠤᠭᠠᠨ᠎ᠠ ᠬᠢᠵᠢᠭ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠢᠳᠡᠭᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠲᠤᠯᠠᠨ᠎ᠠ᠃    ᠳᠥᠷᠪᠡ ᠳᠤ᠂ ᠤᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠬᠦᠯᠵᠦ᠂ ᠪᠠᠷᠢᠯᠭ᠎ᠠ ᠶᠢᠨ ᠪᠦᠲᠦᠭᠡᠨ ᠪᠠᠢᠭᠤᠯᠤᠯᠲᠠ ᠳᠠᠬᠢ ᠲᠡᠤᠬᠡ ᠶᠢᠨ ᠳᠣᠷᠠᠰᠬᠠᠯᠲᠣ ᠵᠦᠢᠯᠡᠰ ᠤᠨ ᠬᠠᠮᠠᠭᠠᠯᠠᠯᠲᠠ ᠶᠢᠨ ᠬᠢᠨᠠᠨ ᠪᠠᠢᠴᠠᠭᠠᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠᠶᠢᠭᠤᠯᠭ᠎ᠠ ᠨᠢᠭᠡᠴᠡ ᠪᠠ ᠰᠡᠯᠪᠢᠨ ᠵᠠᠰᠠᠬᠤ ᠲᠦᠷᠦᠯ ᠵᠦᠢᠯ ᠢ ᠢᠳᠡᠪᠬᠢᠴᠢᠯᠡᠨ ᠭᠤᠶᠤᠴᠢᠯᠠᠵᠤ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠨᠡᠶᠢᠳᠡᠮ ᠪᠠᠶᠢᠴᠠᠭᠠᠬᠤ ᠠᠵᠢᠯ ᠢ ᠦᠷᠬᠦᠯᠵᠢᠯᠡᠨ ᠦᠷᠨᠢᠬᠦᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠨ ᠬᠥᠭᠵᠢᠭᠦᠯᠬᠦ ᠶᠢ ᠠᠬᠢᠭᠤᠯᠵᠤ᠂ ᠳᠣᠯᠣᠳᠤᠭᠠᠷ ᠪᠦᠯᠦᠭ ᠤᠨ ᠠᠶᠢᠮᠠᠭ ᠤᠨ ᠲᠠᠰ ᠤᠨ ᠤᠯᠠᠮᠵᠢᠯᠠᠨ ᠵᠠᠯᠭᠠᠮᠵᠢᠯᠠᠭᠴᠢ ᠶᠢ ᠡᠷᠡᠮᠡᠯᠵᠡᠯᠡᠬᠦ ᠠᠵᠢᠯ ᠢ ᠵᠣᠬᠢᠶᠠᠨ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠨᠴᠠᠯᠢᠭᠳᠤ ᠰᠣᠮᠣ ᠭᠠᠴᠠᠭ᠎ᠠ ᠶᠢ ᠴᠣᠭᠴᠠᠯᠠᠨ ᠪᠠᠶᠢᠭᠤᠯᠬᠤ ᠶᠢ ᠰᠠᠶᠢᠲᠤᠷ ᠬᠢᠵᠦ᠂ ᠠᠩᠬᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠤᠨᠴᠠᠯᠢᠭᠳᠤ ᠰᠣᠮᠣ ᠭᠠᠴᠠᠭᠠᠨ ᠤ ᠦᠵᠡᠬᠦᠯᠦᠨ ᠪᠤᠷᠤᠯᠠᠭᠤᠯᠬᠤ ᠠᠵᠢᠯᠯᠠᠭ᠎ᠠ ᠶᠢ ᠡᠷᠬᠢᠯᠡᠵᠦ᠂ ᠪᠦᠬᠦ ᠣᠷᠣᠨ ᠤ ᠴᠦᠬᠡᠨ ᠲᠤᠭᠠᠲᠤ ᠦᠨᠳᠦᠰᠦᠲᠡᠨ ᠤ ᠣᠯᠠᠮᠵᠢᠯᠠᠯᠲᠤ ᠪᠡᠶ᠎ᠡ ᠲᠠᠮᠢᠷ ᠤᠨ ᠴᠤᠭᠯᠠᠭᠠᠨ ᠤ ᠱᠠᠭ᠎ᠠ ᠲᠤᠭᠯᠠᠭᠠᠮ ᠤᠨ ᠲᠦᠷᠦᠯ ᠵᠦᠢᠯ ᠤᠨ ᠰᠢᠯᠢ ᠶᠢᠨ ᠭᠤᠤᠯ ᠠᠶᠢᠮᠠᠭ ᠤᠨ ᠰᠢᠯᠢᠨ ᠰᠣᠩᠭᠤᠬᠤ ᠣᠷᠣᠯᠳᠤᠭᠠᠨ ᠢ ᠳᠠᠭᠠᠭᠠᠴᠢᠯᠠᠨ ᠡᠷᠬᠢᠯᠡᠨ᠎ᠡ᠃ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠣᠯᠠᠨ ᠴᠢᠳᠠᠮᠵᠢᠳᠣ ᠪᠡᠶ᠎ᠡ ᠲᠠᠮᠢᠷ ᠤᠨ ᠲᠠᠯᠠᠪᠤᠷ᠂ ᠪᠡᠶ᠎ᠡ ᠴᠢᠬᠢᠷᠠᠭᠵᠢᠭᠤᠯᠬᠤ ᠵᠠᠮ ᠱᠣᠭᠤᠮ ᠵᠡᠷᠭᠡ ᠲᠥᠷᠥᠯ ᠵᠦᠶ᠋ᠯ ᠢ ᠢᠳᠡᠪᠬᠢᠲᠡᠶ ᠪᠠᠷ ᠡᠷᠡᠮᠡᠯᠵᠡᠯᠡᠨ ᠮᠡᠳᠡᠭᠦᠯᠵᠦ᠂ ᠣᠯᠠᠨ ᠨᠡᠶᠢᠲᠡ ᠶᠢᠨ ᠪᠡᠶ᠎ᠡ ᠴᠢᠬᠢᠷᠠᠭᠵᠢᠭᠤᠯᠬᠤ ᠰᠠᠭᠤᠷᠢ ᠲᠥᠬᠦᠭᠡᠷᠦᠮᠵᠢ ᠶᠢᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠬᠦᠯᠦᠨ᠎ᠡ᠃ ᠰᠤᠳᠤᠨ ᠵᠦᠴᠦᠭᠡ ᠶᠢ ᠵᠤᠬᠢᠶᠠᠨ ᠪᠦᠲᠦᠬᠡᠬᠦ ᠶᠢ ᠦᠷᠬᠦᠯᠵᠢᠯᠡᠨ ᠠᠳᠬᠤᠵᠤ᠂ ᠪᠥᠬᠦ ᠵᠢᠯ ᠳᠤ ᠡᠯ᠎ᠡ ᠲᠥᠷᠥᠯ ᠤᠨ ᠣᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ 50 ᠤᠳᠠᠭ᠎ᠠ ᠠᠴᠠ ᠳᠡᠭᠡᠭᠰᠢ ᠥᠷᠨᠢᠭᠦᠯᠵᠦ᠂ ᠤᠯᠠᠭᠠᠨᠮᠥ᠋ᠴᠢᠷ ᠨᠢ 100 ᠤᠳᠠᠭ᠎ᠠ ᠠᠴᠠ ᠳᠡᠭᠡᠭᠰᠢ ᠦᠨᠳᠦᠰᠦᠨ ᠱᠠᠲᠤᠨ ᠤ ᠦᠢᠯᠡᠴᠢᠯᠡᠭᠡᠨ ᠤ ᠲᠣᠭᠯᠠᠯᠲᠠ ᠭᠠᠷᠭᠠᠨ᠎ᠠ᠃ ᠮᠦᠽᠧᠢ ᠶᠢᠨ ᠭᠠᠯ ᠲᠦᠢᠮᠡᠷ ᠢ ᠰᠡᠷᠭᠡᠶᠢᠯᠡᠨ ᠴᠡᠭᠴᠡᠯᠡᠨ ᠰᠠᠶᠢᠵᠢᠷᠠᠭᠤᠯᠬᠤ ᠢᠨᠵᠧᠨᠧᠷᠢᠩ ᠢ ᠲᠦᠷᠭᠡᠳᠬᠡᠨ ᠪᠡᠶᠡᠯᠡᠭᠦᠯᠵᠦ᠂ ᠬᠠᠮ ᠵᠠᠭᠤᠴᠢᠯᠠᠭᠤᠷ ᠤᠨ ᠲᠦᠪ ᠢ ᠨᠡᠬᠦᠯᠬᠡᠨ ᠳᠡᠰ ᠳᠡᠪᠰᠢᠬᠦᠯᠵᠦ᠂ ᠡᠯ᠎ᠡ ᠲᠥᠷᠥᠯ ᠤᠨ ᠨᠡᠶᠢᠲᠡ ᠶᠢᠨ ᠬᠦᠳᠡᠯᠬᠡᠬᠡᠨ ᠤ ᠲᠠᠯᠠᠪᠤᠷ ᠢ ᠰᠦᠶ᠋ᠳᠬᠡᠯ ᠬᠤᠷᠢᠶᠠᠬᠤ ᠥᠬᠡᠶ ᠪᠠᠷ ᠨᠡᠬᠡᠬᠡᠨ᠎ᠡ᠃    ᠳᠣᠯᠤᠭ᠎ᠠ᠂ ᠬᠠᠮᠢᠶᠠᠷᠤᠯᠲᠠ ᠶᠢ ᠠᠳᠬᠤᠨ ᠲᠦᠭᠰᠢᠭᠦᠷᠢ ᠶᠢ ᠰᠡᠷᠭᠡᠢᠯᠡᠵᠦ᠂ ᠠᠮᠤᠷ ᠲᠣᠭᠲᠠᠭᠤᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃    ᠨᠢᠭᠡ ᠳᠤ᠂ ᠡᠶ᠎ᠡ ᠵᠣᠬᠢᠴᠠᠩᠭᠤᠢ ᠲᠣᠭᠲᠠᠭᠤᠨ ᠪᠠᠢᠳᠠᠯ ᠢ ᠪᠦᠬᠦ ᠬᠦᠴᠦᠨ ᠢᠶᠠᠷ ᠬᠠᠮᠠᠭᠠᠯᠠᠨ᠎ᠠ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠵᠤ᠂ ᠤᠯᠤᠰ ᠤᠨ ᠬᠢᠨᠠᠨ ᠰᠢᠯᠭᠠᠯᠲᠠ ᠶᠢ ᠬᠦᠯᠢᠶᠡᠨ ᠠᠪᠤᠨ᠎ᠠ᠃ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠢᠴᠡᠳ ᠡᠮᠬᠢᠳᠭᠡᠨ᠂ ᠴᠠᠭᠠᠨ ᠭᠡᠭᠡᠨ ᠳᠤᠷᠠᠰᠬᠠᠯ ᠤᠨ ᠤᠷᠳᠤᠨ ᠢ ᠬᠤᠪᠢᠰᠬᠠᠯ ᠤᠨ ᠰᠤᠷᠭᠠᠨ ᠬᠦᠮᠦᠵᠢᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠎ᠠ᠃ ᠨᠠᠮ᠂ ᠵᠠᠰᠠᠭ᠂ ᠴᠡᠷᠢᠭ ᠴᠠᠭᠳᠠᠭ᠎ᠠ᠂ ᠠᠷᠠᠳ ᠬᠦᠴᠦᠨ ᠢᠶᠠᠨ ᠬᠠᠮᠳᠣᠳᠬᠠᠨ ᠬᠢᠯᠢ ᠪᠠᠨ ᠬᠠᠮᠠᠭᠠᠯᠠᠬᠤ ᠬᠠᠮᠲᠤᠷᠠᠯᠴᠠᠭ᠎ᠠ ᠶᠢ ᠲᠤᠭᠲᠠᠪᠤᠷᠢᠵᠢᠭᠤᠯᠤᠨ᠎ᠠ᠃ ᠲᠤᠭᠲᠠᠭᠤᠨ ᠪᠠᠶᠢᠳᠠᠯ ᠪᠠ ᠠᠮᠤᠷ ᠲᠠᠶᠢᠪᠤᠡᠭ ᠤᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠥᠯᠦᠪᠯᠡᠨ ᠬᠠᠮᠠᠭᠠᠯᠠᠵᠤ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠤᠯᠠᠨ ᠡᠰᠢᠲᠦ ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠦᠨᠳᠦᠰᠦᠲᠡᠨ ᠤ ᠠᠷᠠᠳ ᠲᠦᠮᠡᠨ ᠪᠦᠯᠬᠦᠮᠳᠡᠨ ᠲᠡᠮᠡᠴᠡᠵᠦ᠂ ᠠᠮᠤᠷ ᠲᠣᠭᠲᠠᠭᠤᠨ ᠠᠵᠤ ᠲᠦᠷᠦᠬᠦ ᠰᠠᠶᠢᠨ ᠰᠠᠶᠢᠬᠠᠨ ᠪᠠᠶᠢᠳᠠᠯ ᠢ ᠰᠠᠶᠢᠲᠤᠷ ᠬᠠᠮᠠᠭᠠᠯᠠᠨ᠎ᠠ᠃    ᠬᠤᠶᠠᠷ ᠲᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠰᠢᠢᠳᠪᠦᠷᠢᠯᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠶ ᠴᠣᠭᠴᠠ ᠶᠢᠨ ᠦᠵᠡᠯᠲᠡ ᠶᠢ ᠤᠯᠠᠮ ᠨᠢᠭᠡ ᠠᠯᠬᠤᠮ ᠪᠠᠲᠤᠳᠬᠠᠨ᠎ᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠢᠯᠡᠵᠦ᠂ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠥᠭᠴᠡᠭᠡ ᠶᠢ ᠭᠤᠶᠤᠴᠢᠯᠠᠨ ᠮᠡᠳᠡᠭᠦᠯᠬᠦ ᠪᠠ ᠭᠠᠶᠢᠯᠢ ᠶᠢᠨ ᠢᠷᠡᠯᠳᠡ ᠶᠢ ᠪᠤᠶᠢᠵᠢᠭᠤᠯᠬᠤ ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠬᠢ ᠶᠢ ᠪᠦᠬᠦ ᠲᠠᠯ ᠎ᠠ ᠪᠠᠷ ᠨᠡᠮᠡᠭᠳᠡᠭᠦᠯᠦᠨ᠎ᠡ᠃ ᠵᠠᠰᠠᠭ ᠤᠨ ᠤᠷᠳᠤᠨ ᠤ ᠡᠯ᠎ᠡ ᠰᠠᠯᠠᠭ᠎ᠠ ᠮᠥᠴᠢᠷ ᠠᠷᠪᠢᠯᠠᠨ ᠭᠠᠮᠨᠠᠬᠤ ᠤᠢᠯᠠᠭᠠᠭᠳᠠᠬᠤᠨ ᠢᠶᠠᠨ ᠴᠢᠩᠭᠠᠳᠬᠠᠵᠤ᠂ ᠡᠩ ᠤᠨ ᠴᠢᠨᠠᠷᠲᠠᠶ ᠵᠠᠷᠤᠯᠭ᠎ᠠ ᠪᠠ ︽ᠭᠤᠷᠪᠠᠨ ᠠᠯᠪᠠᠨ ᠤ ᠵᠠᠷᠤᠳᠠᠯ︾ ᠤᠨ ᠲᠥᠰᠦᠪ ᠢ ᠴᠢᠩᠭ᠎ᠠ ᠡᠵᠡᠮᠳᠡᠵᠦ᠂ ᠪᠦᠬᠦ ᠲᠠᠯ ᠎ᠠ ᠶᠢᠨ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠥᠯᠲᠠ ᠶᠢ ᠨᠠᠶᠢᠳᠠᠪᠤᠷᠢᠵᠢᠭᠤᠯᠤᠨ᠂ ᠳᠦᠷᠢᠮ ᠠᠴᠠ ᠵᠦᠷᠢᠴᠡᠨ ᠵᠠᠰᠠᠭ ᠤᠨ ᠣᠷᠳᠣᠨ ᠤ ᠦᠷᠢ ᠥᠭᠴᠡᠭᠡ ᠨᠡᠮᠡᠭᠳᠡᠬᠦᠯᠬᠦ ᠶᠢ ᠡᠷᠡᠰ ᠴᠠᠭᠠᠵᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠯᠲᠠ ᠪᠠ ᠠᠶᠢᠮᠠᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠤᠰᠬᠠᠶ ᠬᠢᠨᠠᠨ ᠪᠤᠳᠤᠯᠲᠠ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠢᠰᠲ᠋ᠧᠮᠵᠢᠲᠤ ᠴᠢᠨᠠᠷ ᠲᠠᠢ ᠲᠦᠭᠰᠢᠬᠦᠷᠢ ᠶᠢ ᠰᠡᠷᠭᠡᠶᠢᠯᠡᠨ᠎ᠡ᠃    ᠭᠤᠷᠪᠠ ᠳᠤ᠂ ᠠᠶᠤᠯᠭᠦᠶ ᠦᠢᠯᠡᠳᠪᠦᠷᠢᠯᠡᠯ ᠢ ᠦᠷᠭᠦᠯᠵᠢᠯᠡᠨ ᠰᠠᠢᠲᠤᠷ ᠠᠳᠬᠤᠨ᠎ᠠ᠃ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢᠨ ᠬᠢᠨᠠᠨ ᠰᠡᠷᠭᠡᠢᠯᠡᠯᠲᠡ ᠶᠢ ᠦᠷᠭᠦᠯᠵᠢᠯᠡᠨ ᠦᠷᠨᠢᠬᠦᠯᠦᠨ᠂ ᠭᠠᠮᠰᠢᠭ ᠢ ᠰᠡᠷᠭᠡᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠠᠵᠢᠯ ᠢ ᠨᠠᠷᠢᠯᠢᠭ ᠪᠣᠳᠠᠲᠠᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢ ᠪᠠᠶᠢᠩᠭᠤᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃ ᠤᠯᠠᠨ ᠠᠷᠭ᠎ᠠ ᠵᠠᠮ ᠢᠶᠠᠷ ᠪᠠᠯᠠ ᠮᠥᠩᠭᠦ ᠴᠤᠭᠯᠠᠭᠤᠯᠤᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶ᠋ᠯ ᠢ ᠵᠢᠯ ᠤᠨ ᠳᠣᠲᠣᠷ᠎ᠠ ᠠᠰᠢᠭᠯᠠᠯᠲᠠ ᠳᠤ ᠤᠷᠤᠭᠤᠯᠬᠤ ᠶᠢ ᠪᠠᠲᠤᠯᠠᠨ᠎ᠠ᠃ ᠡᠯ ᠎ᠡ ᠲᠦᠷᠦᠯ ᠤᠨ ᠪᠠᠴᠢᠮ ᠪᠠᠶᠢᠳᠠᠯ ᠢ ᠤᠷᠢᠳᠴᠢᠯᠠᠨ ᠠᠷᠭᠠᠴᠠᠭᠠᠬᠤ ᠲᠦᠰᠦᠯ ᠢ ᠵᠠᠰᠠᠪᠤᠷᠢᠯᠠᠨ ᠳᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠭᠤᠷᠪᠠ᠂ ᠵᠠᠰᠠᠭ ᠤᠨ ᠣᠷᠳᠣᠨ ᠤ ᠪᠡᠶᠡᠴᠢ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ    ︵ᠨᠢᠭᠡ︶ ᠤᠯᠤᠰ ᠲᠥᠷᠥ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠵᠢᠭᠠᠪᠤᠷᠢᠯᠠᠭᠰᠠᠨ ᠴᠢᠬᠤᠯᠠ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢ ᠢᠮᠠᠭᠲᠠ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ ᠦᠢᠯᠡᠳᠦᠯᠭᠡᠵᠢᠭᠦᠯᠬᠦ ᠬᠡᠷᠡᠭᠲᠡᠢ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠦᠨᠡᠨᠬᠦ ᠲᠤᠤᠱᠯᠠᠭᠤᠯᠬᠤ ᠬᠡᠷᠡᠭᠲᠡᠢ᠃    ︵ᠬᠤᠶᠠᠷ︶ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠭᠤᠯᠬᠤ ᠶᠢ ᠦᠨᠡᠨᠬᠦ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠭᠦᠢᠴᠡᠳᠭᠡᠬᠦ ᠬᠢᠷᠢ ᠲᠥᠪᠰᠢᠨ ᠢ ᠳᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠵᠠᠰᠠᠭ ᠤᠨ ᠣᠷᠳᠣᠨ ᠤ ᠠᠵᠢᠯ ᠢ ᠠᠷᠠᠳ ᠤᠨ ᠰᠡᠳᠬᠢᠯ ᠳᠤ ᠣᠶᠢᠷᠠᠲᠤᠭᠤᠯᠬᠤ᠂ ᠠᠷᠠᠳ ᠤᠨ ᠤᠶᠤᠨ ᠤᠬᠠᠭᠠᠨ ᠢ ᠲᠥᠪᠯᠡᠷᠡᠭᠦᠯᠬᠦ᠂ ᠠᠷᠠᠳ ᠤᠨ ᠠᠰᠢᠭ ᠲᠤᠰᠠ ᠶᠢ ᠬᠠᠮᠠᠭᠠᠯᠠᠬᠤ ᠶᠢ ᠦᠨᠡᠨᠬᠦ ᠪᠠᠲᠤᠯᠠᠨ᠎ᠠ᠃    ︵ᠭᠤᠷᠪᠠ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ︽ᠲᠠᠪᠤ ᠶᠢ ᠡᠷᠬᠡᠪᠰᠢ ᠨᠢᠭᠡᠲᠦᠯᠲᠡᠢ ᠲᠥᠯᠦᠪᠯᠡᠬᠦ︾ ᠶᠢ ᠪᠠᠲᠤ ᠡᠵᠡᠮᠰᠢᠨ᠂ ︽ᠮᠣᠩᠭᠤᠯ ᠮᠣᠷᠢᠨ ᠤ ᠵᠣᠷᠢᠭ ᠰᠠᠨᠠᠭ᠎ᠠ ︾ ᠶᠢ ᠬᠦᠭᠵᠢᠭᠦᠯᠦᠨ ᠮᠠᠨᠳᠤᠭᠤᠯᠵᠤ᠂ ︽ᠲᠠᠪᠤᠨ ᠵᠦᠢᠯ ᠤᠨ ᠤᠶᠢᠯᠠᠭᠠᠭᠳᠠᠬᠤᠨ︾ ᠢ ᠪᠤᠢ ᠪᠣᠯᠭᠠᠨ ᠦᠢᠯᠡᠳᠦᠯᠭᠡᠵᠢᠭᠦᠯᠵᠦ᠂ ︽ᠨᠢᠭᠡᠳᠦᠭᠡᠷ ᠹᠷᠣᠨᠲ ᠤᠨ ᠠᠵᠢᠯ ᠤᠨ ᠠᠷᠭ᠎ᠠ︾ ᠶᠢ ᠶᠡᠬᠡᠪᠡᠷ ᠲᠦᠯᠬᠢᠨ ᠠᠬᠢᠭᠤᠯᠤᠨ᠂ ᠠᠯᠪᠠᠨ ᠭᠡᠷ ᠠᠴᠠ ᠭᠠᠷᠴᠤ ᠲᠤᠬᠠᠢ ᠶᠢᠨ ᠭᠠᠵᠠᠷ ᠲᠤᠨᠢ ᠠᠵᠢᠯᠯᠠᠨ᠂ ᠥᠷᠭᠡᠨ ᠣᠯᠠᠨ ᠺᠠᠳ᠋ᠷ ᠠᠵᠢᠯᠲᠠᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠤᠯᠤᠨ ᠪᠦᠲᠦᠭᠡᠯᠴᠢ ᠴᠢᠨᠠᠷ ᠢ ᠪᠥᠬᠦ ᠲᠠᠯ᠎ᠠ ᠪᠠᠷ ᠨᠢᠭᠲᠠᠷᠠᠭᠤᠯᠤᠨ ᠬᠥᠭᠵᠢᠭᠡᠵᠦ᠂ ᠡᠯ᠎ᠡ ᠲᠦᠷᠦᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠢᠮᠪᠠᠢ ᠨᠠᠶᠢᠳᠠᠪᠤᠷᠢᠵᠢᠭᠤᠯᠤᠨ᠂ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃    ︵ᠳᠥᠷᠪᠡ︶ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠬᠢᠴᠢᠶᠡᠩᠭᠦ᠋ᠢᠯᠡᠨ ᠵᠢᠷᠤᠮᠯᠡᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ︾ ᠶᠢ ᠡᠷᠡᠰ ᠭᠦᠢᠴᠡᠳᠭᠡᠨ᠂ ᠰᠠᠬᠢᠯᠭ᠎ᠠ ᠪᠠᠲᠤ ᠶᠣᠰᠣ ᠳᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠭᠤᠣᠯᠳᠠᠯᠭ᠎ᠠ ᠲᠠᠢ ᠬᠦᠷᠢᠶ᠎ᠡ ᠴᠠᠷ᠎ᠠ᠂ ᠴᠢᠬᠤᠯᠠ ᠰᠠᠯᠠᠭ᠎ᠠ ᠮᠥᠴᠢᠷ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠡᠵᠡᠮᠳᠡᠯ ᠢ ᠴᠢᠩᠭᠠᠳᠬᠠᠨ᠎ᠠ᠃ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠴᠢᠩᠭ᠎ᠠ ᠰᠠᠬᠢᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ᠂ ᠰᠢᠨ᠎ᠡ ᠰᠤᠷᠲᠠᠯ ᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠰᠠᠶᠢᠨ ᠰᠠᠶᠢᠬᠠᠨ ᠳᠦᠷᠢ ᠳᠥᠷᠬᠦ ᠶᠢ ᠦᠷᠬᠦᠯᠵᠢᠯᠡᠨ ᠪᠠᠲᠤᠯᠠᠨ᠎ᠠ᠃    ᠲᠦᠯᠦᠬᠡᠯᠡᠭᠴᠢᠳ ᠡ᠂ ᠨᠦᠬᠦᠳ ᠠ᠋︕ ᠪᠣᠳᠠᠳᠤ ᠠᠵᠢᠯᠯᠠᠭ᠎ᠠ ᠨᠢ ᠬᠦᠰᠡᠯ ᠵᠡᠭᠦᠳᠦ ᠶᠢ ᠲᠡᠷᠭᠡᠯᠰᠢᠭᠦᠯᠵᠦ᠂ ᠴᠢᠷᠮᠠᠶᠢᠨ ᠲᠡᠮᠡᠴᠡᠪᠡᠯ ᠢᠷᠡᠭᠡᠳᠦᠢ ᠶᠢ ᠡᠭᠦᠳᠦᠨ ᠪᠦᠲᠦᠭᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠳᠣᠣᠷ᠎ᠠ᠂ ᠡᠷᠴᠢ ᠵᠣᠷᠢᠭ ᠢᠶᠠᠨ ᠬᠦᠪᠴᠢᠯᠡᠨ᠂ ᠵᠣᠷᠢᠭᠲᠠᠢ ᠤᠷᠤᠭᠰᠢᠯᠠᠵᠤ᠂ ᠰᠥᠨᠢᠳ ᠵᠡᠭᠦᠨ ᠬᠤᠰᠢᠭᠤᠨ ᠤ ᠤᠳᠤᠬᠢᠴᠢᠯᠠᠭᠰᠠᠨ ᠪᠦᠲᠦᠬᠡᠨ ᠪᠠᠶᠢᠭᠤᠯᠤᠯᠲᠠ ᠶᠢᠨ ᠴᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠡᠭᠡᠶ᠎ᠡ︕    ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷ᠎ᠡ ᠲᠣᠮᠢᠶ᠎ᠠ ᠪᠠ ᠲᠣᠪᠴᠢᠯᠠᠭᠰᠠᠨ ᠦᠭᠡ ᠶᠢᠨ ᠲᠠᠶᠢᠯᠪᠤᠷᠢ    ⒈ ︽ᠬᠤᠶᠠᠷ ᠴᠢᠬᠤᠯᠠ︾ ᠲᠥᠷᠦ ᠶᠢᠨ ᠪᠣᠳᠤᠯᠭ᠎ᠠ᠄ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠪᠠ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯᠭᠦᠶ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠭᠠᠵᠤ ᠪᠠᠶᠢᠨ᠎ᠠ᠃ ᠨᠠᠮ ᠤᠨ ᠲᠥᠪ ᠬᠤᠷᠢ᠊ ᠡᠶ᠎ᠡ ᠠᠴᠠ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠵᠡᠷᠭᠡ ᠪᠦᠬᠦ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠶᠢᠵᠤ᠂ ᠤᠯᠤᠰ ᠤᠨ ᠠᠮᠤᠷ ᠲᠦᠪᠰᠢᠨ ᠪᠠ ᠠᠷᠠᠳ ᠤᠨ ᠠᠮᠢᠳᠤᠷᠠᠯ ᠤᠨ ᠵᠣᠯ ᠵᠢᠷᠭᠠᠯ ᠲᠠᠢ ᠬᠤᠯᠪᠣᠭᠳᠠᠨ᠎ᠠ᠃    ⒉ ︽ᠬᠤᠶᠠᠷ ᠰᠢᠨ᠎ᠡ︾ ᠲᠥᠷᠥ ᠶᠢᠨ ᠪᠣᠳᠣᠯᠭ᠎ᠠ᠄ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶ᠋ᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠲᠥ᠋ᠷᠥ ᠶᠢᠨ ᠪᠣᠳᠣᠯᠭ᠎ᠠ ᠶᠢ ᠵᠢᠭᠠᠵᠤ ᠪᠣᠶ᠂ ᠡᠭᠦᠨ ᠤ ᠵᠣᠷᠢᠯᠭ᠎ᠠ ᠨᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠬᠤᠯᠪᠣᠭᠳᠠᠯ ᠪᠥᠬᠦᠶ ᠬᠦᠷᠢᠶᠡᠨ ᠳᠠᠬᠢ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠦᠶ᠋ᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠥᠯᠭᠢᠨ ᠠᠬᠢᠭᠤᠯᠵᠤ᠂ ᠡᠭᠦᠨ ᠤ ᠤᠯᠠᠮ ᠠᠴᠠ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠪᠠᠳᠠᠷᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠦᠭᠡ ᠶᠤᠮ᠃    ⒊ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠲᠤᠷᠰᠢᠯᠲᠠ ᠶᠢᠨ ᠲᠠᠰᠤᠭ ᠤᠨ ︽ᠬᠤᠣᠰ ᠭᠡᠷᠡᠴᠢᠯᠡᠯ︾᠄ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠪᠠᠶᠢᠭᠤᠯᠤᠮᠵᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠬᠢᠷᠢ ᠬᠡᠮ ᠢ ᠮᠠᠭᠠᠳᠯᠠᠨ ᠲᠣᠭᠲᠠᠭᠠᠬᠤ ︵CMA︶ ᠪᠠ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯᠭᠦᠶ ᠶᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠰᠢᠯᠭᠠᠬᠤ ᠭᠡᠷᠡᠴᠢᠯᠡᠯ ︵CATL︶ ᠢ ᠬᠠᠮᠲᠤ ᠳᠤᠨᠢ ᠤᠯᠬᠤ ᠶᠢ ᠵᠢᠭᠠᠵᠤ ᠪᠠᠶᠢᠨ᠎ᠠ᠃    ⒋ ︽ᠥᠪᠦᠷ ᠮᠣᠩᠭᠤᠯ︾ ᠲᠡᠮᠳᠡᠭᠲᠦ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠭᠠᠷᠭᠠᠭᠰᠠᠨ ᠨᠢᠭᠡ ᠵᠦᠶ᠋ᠯ ᠤᠨ ᠣᠷᠣᠨ ᠪᠦᠰᠡ ᠶᠢᠨ ᠨᠠᠷᠠᠲᠤ ᠲᠡᠮᠳᠡᠭᠲᠦ ᠶᠢᠨ ᠭᠡᠷᠡᠴᠢᠯᠡᠯ ᠤᠨ ᠲᠡᠮᠳᠡᠭ ᠪᠠᠶᠢᠵᠤ᠂ ᠥᠪᠥᠷ ᠮᠣᠩᠭᠤᠯ ᠤᠨ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠳᠦᠷᠢ ᠲᠥᠷᠬᠦ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠᠷ ᠵᠣᠷᠢᠯᠭ᠎ᠠ ᠪᠣᠯᠭᠠᠨ᠎ᠠ᠃ ᠲᠣᠰ ᠲᠡᠮᠳᠡᠭ ᠨᠢ ᠣᠯᠠᠨ ᠣᠯᠣᠰ ᠤᠨ ᠨᠡᠶᠢᠳᠡᠮ ᠬᠡᠷᠡᠭᠯᠡᠵᠦ ᠪᠠᠶᠢᠭ᠎ᠠ ᠭᠤᠷᠪᠠᠳᠠᠬᠢ ᠡᠲᠡᠭᠡᠳ ᠤᠨ ᠭᠡᠷᠡᠴᠢᠯᠡᠯ ᠤᠨ ᠠᠷᠭ᠎ᠠ ᠮᠠᠶ᠋ᠢᠭ ᠢᠶᠠᠷ ᠳᠡᠮᠵᠢᠨ᠂ ᠥᠪᠥᠷ ᠮᠣᠩᠭᠤᠯ ᠤᠨ ᠴᠢᠨᠠᠷ ᠰᠠᠶᠢᠲᠠᠶ ᠲᠠᠸᠠᠷ ᠢ ᠰᠣᠩᠭᠤᠨ ᠭᠠᠷᠭᠠᠵᠤ᠂ ︽ᠦᠪᠦᠷ ᠮᠣᠩᠭᠤᠯ︾ ᠥᠰᠥᠭ ᠤᠨ ᠲᠡᠮᠳᠡᠭ ᠬᠠᠳᠠᠵᠤ᠂ ᠵᠠᠬ᠎ᠠ ᠳᠡᠯᠭᠡᠭᠦᠷ ᠲᠤ ᠭᠠᠷᠭᠠᠬᠤ ᠶᠢ ᠵᠢᠭᠠᠨ᠎ᠠ᠃    ⒌ ᠵᠢᠷᠭᠤᠭᠠᠨ ᠠᠵᠢᠯᠯᠠᠭ᠎ᠠ᠄ 2025 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢᠨ ᠲᠥᠯᠥᠭᠡ ᠬᠡᠷᠡᠭᠵᠢᠭᠦᠯᠦᠭᠰᠡᠨ ᠠᠯᠢ ᠣᠯᠠᠨ ᠪᠣᠳᠠᠲᠠᠶ ᠠᠵᠢᠯᠯᠠᠭᠠᠨ ᠤ ᠲᠥᠯᠥᠪᠯᠡᠭᠡ ᠶᠢ ᠵᠢᠭᠠᠵᠤ ᠪᠣᠶ᠂ ᠡᠭᠦᠨ ᠳᠤ᠄ ᠴᠢᠬᠤᠯᠠ ᠶᠡᠭᠡ ᠲᠥᠷᠥᠯ ᠵᠦᠶ᠋ᠯ ᠢ ᠲᠥᠯᠥᠪᠵᠢᠭᠦᠯᠬᠦ᠂ ᠠᠵᠤ ᠠᠬᠤᠶᠢᠯᠠᠯ ᠢ ᠲᠤᠰᠠᠯᠠᠬᠤ᠂ ᠠᠵᠢᠯ ᠣᠯᠭᠤᠯᠲᠠ ᠶᠢ ᠠᠬᠢᠭᠤᠯᠬᠤ᠂ ᠤᠰᠤ ᠠᠷᠪᠢᠯᠠᠬᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠵᠡᠷᠭᠡ ᠠᠵᠢᠯᠯᠠᠭ᠎ᠠ ᠶᠢ ᠪᠠᠭᠲᠠᠭᠠᠨ᠎ᠠ᠃     ⒍ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠬᠡᠬᠦ᠄ ᠵᠠᠰᠠᠭ ᠤᠨ ᠶᠠᠪᠤᠳᠠᠯ ᠤᠨ ᠦᠶ᠋ᠯᠡᠴᠢᠯᠡᠭᠡ ᠶᠢ ᠰᠢᠯᠢᠳᠡᠭᠵᠢᠬᠦᠯᠦᠨ᠂ ᠵᠠᠰᠠᠭ ᠵᠠᠬᠢᠷᠭᠠᠨ ᠤ ᠬᠦᠴᠦᠨ ᠴᠢᠳᠠᠪᠬᠢ ᠶᠢ ᠳᠡᠭᠡᠭᠰᠢᠯᠡᠭᠦᠯᠵᠦ᠂ ᠬᠠᠮᠤᠭ ᠤᠨ ᠪᠠᠭ᠎ᠠ ᠬᠦᠴᠦᠨ ᠵᠠᠷᠤᠴᠠᠭᠤᠯᠵᠤ᠂ ᠬᠠᠮᠤᠭ ᠤᠨ ᠲᠦᠷᠭᠡᠨ ᠬᠤᠷᠳᠤᠴᠠ ᠪᠠ ᠬᠠᠮᠤᠭ ᠤᠨ ᠳᠥᠭᠦᠮ ᠶᠠᠪᠤᠴᠠ ᠪᠠᠷ ︽ᠨᠢᠭᠡ ᠶᠠᠪᠤᠳᠠᠯ︾ ᠢ ᠪᠡᠶᠡᠯᠡᠭᠦᠯᠵᠦ᠂ ᠡᠭᠦᠨ ᠤ ᠤᠯᠠᠮ ᠢᠶᠠᠷ ᠠᠵᠤ ᠠᠬᠤᠶᠢᠯᠠᠯ ᠪᠠ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠵᠢᠭᠠᠵᠤ ᠪᠠᠶᠢᠨ᠎ᠠ᠃    ⒎ ᠰᠠᠭᠠᠳ ᠦᠭᠡᠢ ᠬᠡᠷᠡᠴᠢ ᠪᠠᠨ ᠦᠷᠭᠦᠯᠵᠢᠯᠡᠭᠦᠯᠬᠦ᠄ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠪᠠ ᠤᠶᠤᠨᠴᠢᠯᠠᠭᠰᠠᠨ ᠬᠠᠮᠢᠶᠠᠷᠤᠯᠲᠠ ᠪᠠᠷ ᠳᠡᠮᠵᠢᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠰᠠᠨᠠᠭᠠᠴᠢᠯᠠᠭ᠎ᠠ ᠠᠴᠠ ᠪᠠᠨ ᠡᠵᠡᠩᠨᠡᠭᠴᠢ ᠳᠤ ᠦᠨᠡᠮᠯᠡᠯ ᠤᠨ ᠬᠤᠭᠤᠴᠠᠭ᠎ᠠ ᠣᠢᠷᠠᠲᠤᠭ᠍ᠰᠠᠨ ᠢ ᠰᠠᠨᠠᠭᠤᠯᠬᠤ ᠵᠢᠴᠢ ᠦᠨᠡᠮᠯᠡᠯ ᠳᠤ ᠨᠢ ᠦᠷᠭᠦᠯᠵᠢᠯᠡᠨ ᠬᠡᠷᠡᠴᠢᠯᠡᠯ ᠣᠯᠭᠤᠯᠵᠤ ᠥᠭᠬᠦ ᠦᠶ᠋ᠯᠡᠴᠢᠯᠡᠭᠡ ᠬᠠᠩᠭᠠᠵᠤ᠂ ᠡᠵᠡᠩᠨᠡᠭᠴᠢ ᠶᠢ ︽ᠦᠯᠦ ᠮᠡᠳᠡᠬᠦ︾ ᠪᠠᠶᠢᠳᠠᠯ ᠤᠨ ᠳᠤᠮᠳᠠ ᠵᠥᠪᠰᠢᠶᠡᠷᠡᠯ ᠤᠨ ᠦᠨᠡᠮᠯᠡᠯ ᠢ ᠦᠷᠭᠦᠯᠵᠢᠯᠡᠭᠦᠯᠬᠦ ᠶᠢ ᠪᠡᠶᠡᠯᠡᠭᠦᠯᠬᠦ‍ ᠨᠢᠭᠡ ᠵᠦᠶ᠋ᠯ ᠤᠨ ᠦᠶ᠋ᠯᠡᠴᠢᠯᠡᠭᠡᠨ ᠤ ᠵᠠᠭᠪᠤᠷ ᠢ ᠵᠢᠭᠠᠵᠤ ᠪᠠᠶᠢᠨ᠎ᠠ᠃    ⒏ ︽ᠬᠤᠤᠰ ᠲᠣᠬᠢᠶᠠᠯᠳᠤᠯ᠂ ᠨᠢᠭᠡ ᠶᠢ ᠢᠯᠡ ᠪᠣᠯᠭᠠᠬᠤ︾᠄ ᠡᠨᠡ ᠨᠢ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠭᠳᠠᠬᠤ ᠡᠲᠡᠭᠡᠳ ᠢ ᠰᠤᠭᠤᠴᠢᠨ ᠭᠠᠷᠭᠠᠵᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠢ ᠰᠤᠩᠭᠤᠨ ᠲᠣᠮᠢᠯᠠᠬᠤ ᠶᠢᠨ ᠬᠠᠮᠲᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶ᠋ᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠨᠢᠭᠡ ᠵᠦᠶ᠋ᠯ ᠤᠨ ᠬᠢᠨᠠᠨ ᠬᠠᠮᠢᠶᠠᠷᠬᠤ ᠵᠠᠭᠪᠤᠷ ᠢ ᠵᠢᠭᠠᠵᠤ ᠪᠣᠶ᠃    ⒐ ᠨᠡᠭᠦᠷᠡᠰᠦ ᠴᠠᠬᠢᠯᠭᠠᠨ ᠬᠥᠩᠭᠡᠨᠴᠠᠭᠠᠨ ᠢ ᠨᠢᠭᠡ ᠴᠣᠭᠴᠠᠵᠢᠭᠤᠯᠬᠤ᠄ ᠡᠨᠡ ᠪᠣᠯ ᠨᠡᠭᠦᠷᠡᠰᠦ᠂ ᠴᠠᠬᠢᠯᠭᠠᠨ ᠬᠦᠴᠦᠨ ᠪᠣᠯᠤᠨ ᠬᠦᠩᠭᠡᠨᠴᠠᠭᠠᠨ ᠤ ᠠᠵᠤ ᠦᠶ᠋ᠯᠡᠰ ᠢ ᠨᠢᠭᠲᠠ ᠤᠶᠠᠯᠳᠤᠭᠤᠯᠤᠭᠰᠠᠨ ᠨᠢᠭᠡ ᠵᠦᠶ᠋ᠯ ᠤᠨ ᠠᠵᠤ ᠦᠶ᠋ᠯᠡᠳᠪᠦᠷᠢ ᠶᠢᠨ ᠵᠠᠭᠪᠤᠷ ᠪᠠᠶᠢᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠥᠨᠳᠥᠷ ᠦᠷ᠎ᠡ ᠪᠦᠲᠦᠮᠵᠢᠲᠡᠶ ᠪᠠᠷ ᠤᠯᠠᠷᠢᠭᠤᠯᠬᠤ ᠶᠢ ᠪᠡᠶᠡᠯᠡᠭᠦᠯᠬᠦ ᠪᠠᠷ ᠵᠣᠷᠢᠯᠭ᠎ᠠ ᠪᠣᠯᠭᠠᠭᠰᠠᠨ ᠶᠤᠮ᠃ ᠡᠨᠡ ᠬᠦ ᠵᠠᠭᠪᠤᠷ ᠨᠢ ᠭᠤᠷᠪᠠᠨ ᠠᠵᠤ ᠦᠢᠯᠡᠰ ᠤᠨ ᠬᠡᠯᠬᠢᠶ᠎ᠡ ᠶᠢᠨ ᠭᠤᠭᠴᠤᠭ᠎ᠠ ᠶᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠠᠵᠤ ᠦᠢᠯᠡᠰ ᠤᠨ ᠪᠢᠲᠡᠭᠦᠦ ᠬᠡᠯᠬᠢᠶ᠎ᠡ ᠶᠢ ᠪᠦᠷᠢᠯᠳᠦᠭᠦᠯᠵᠦ᠂ ᠡᠭᠦᠨ ᠤ ᠤᠯᠠᠮ ᠠᠴᠠ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠪᠡᠷ ᠤᠨ ᠦᠷᠳᠡᠭ ᠢ ᠪᠠᠭᠤᠷᠠᠭᠤᠯᠤᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠡᠮᠡᠭᠳᠡᠭᠦᠯᠬᠦ ᠶᠢᠨ ᠬᠠᠮᠲᠤ ᠠᠵᠤ ᠠᠬᠤᠶ ᠶᠢᠨ ᠦᠷ᠎ᠡ ᠠᠰᠢᠭ ᠪᠠ ᠣᠷᠴᠢᠨ ᠠᠬᠤᠶ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠪᠣᠯᠤᠨ᠎ᠠ᠃    ⒑ ᠳᠤᠮᠳᠠᠳᠤ ᠤᠯᠤᠰ ᠤᠨ ᠬᠤᠨᠢᠨ ᠤ ᠦᠶ᠋ᠯᠡᠰ · ᠰᠢᠯᠢ ᠶᠢᠨ ᠭᠤᠤᠯ ᠤᠨ ᠵᠢᠭᠠᠯᠲᠠ ᠲᠤᠭ᠎ᠠ᠄ ᠰᠢᠯᠢ ᠶᠢᠨ ᠭᠤᠤᠯ ᠤᠨ ᠬᠤᠨᠢᠨ ᠤ ᠠᠵᠤ  ᠦᠢᠯᠡᠰ ᠤᠨ ᠬᠥᠭᠵᠢᠯᠲᠡ ᠶᠢᠨ ᠪᠠᠶᠢᠳᠠᠯ ᠢ ᠲᠤᠰᠬᠠᠬᠤ ᠪᠠᠷ ᠵᠣᠷᠢᠯᠭ᠎ᠠ ᠪᠣᠯᠭᠠᠭᠰᠠᠨ ᠵᠢᠭᠠᠯᠲᠠ ᠲᠤᠭ᠎ᠠ ᠶᠢᠨ ᠰᠢᠰᠲ᠋ᠧᠮ ᠪᠣᠯᠤᠨ᠎ᠠ᠃ ᠲᠣᠰ ᠵᠢᠭᠠᠯᠲᠠ ᠲᠤᠭ᠎ᠠ ᠶᠢ ᠰᠢᠯᠢ ᠶᠢᠨ ᠭᠤᠤᠯ ᠠᠶᠢᠮᠠᠭ ᠤᠨ ᠵᠠᠬᠢᠷᠭ᠎ᠠ᠂ ᠰᠥᠨᠢᠳ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠤᠨ ᠮᠡᠳᠡᠭᠡ ᠵᠠᠩᠭᠢ ᠶᠢᠨ ᠰᠤᠳᠤᠯᠭᠠᠨ ᠤ ᠭᠠᠵᠠᠷ ᠪᠣᠯᠤᠨ ᠱᠸᠦ ᠨᠢᠦ ︵ᠪᠡᠭᠡᠵᠢᠩ︶ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠬᠠᠮᠲᠤᠷᠠᠨ ᠰᠤᠳᠤᠯᠤᠨ ᠨᠠᠶᠢᠷᠠᠭᠤᠯᠵᠤ᠂ ᠮᠠᠨ ᠤ ᠤᠯᠤᠰ ᠤᠨ ᠲᠠᠯ᠎ᠠ ᠨᠤᠲᠤᠭ ᠤᠨ ᠬᠤᠨᠢᠨ ᠤ ᠠᠵᠤ  ᠦᠢᠯᠡᠰ ᠤᠨ ︽ᠬᠦᠭᠵᠢᠯᠲᠡ ᠶᠢᠨ ᠬᠠᠨᠳᠤᠰᠢ ᠶᠢᠨ ᠴᠢᠭᠯᠡᠬᠦᠷ︾ ᠢ ᠪᠣᠶ ᠪᠣᠯᠭᠠᠵᠤ᠂ ᠰᠢᠯᠢ ᠶᠢᠨ ᠭᠤᠤᠯ ᠤᠨ ᠬᠤᠨᠢᠨ ᠤ ᠠᠵᠤ ᠦᠶ᠋ᠯᠡᠰ ᠤᠨ ᠬᠥᠭᠵᠢᠯᠲᠡ ᠶᠢᠨ ᠬᠠᠨᠳᠤᠰᠢ ᠪᠠ ᠵᠠᠬ᠎ᠠ ᠳᠡᠯᠭᠡᠭᠦᠷ ᠤᠨ ᠬᠤᠪᠢᠷᠠᠯᠲᠠ ᠶᠢ ᠬᠢᠨᠠᠨ ᠬᠡᠮᠵᠢᠬᠦ ᠪᠠ ᠵᠠᠳᠠᠯᠬᠤ ᠪᠠᠷ ᠵᠣᠷᠢᠯᠭ᠎ᠠ ᠪᠣᠯᠭᠠᠭᠰᠠᠨ ᠪᠠᠶᠢᠨ᠎ᠠ᠃    ⒒ ︽ᠭᠤᠷᠪᠠᠨ ᠤᠮᠠᠷᠠᠲᠤ︾ ᠶᠢᠨ ᠢᠨᠵᠧᠨᠧᠷᠢᠩ᠄ ᠳᠤᠮᠳᠠᠳᠤ ᠤᠯᠤᠰ ᠤᠨ ᠪᠠᠷᠠᠭᠤᠨ ᠬᠤᠶᠢᠲᠤ ᠣᠷᠣᠨ᠂ ᠤᠮᠠᠷᠠᠲᠤ ᠣᠷᠣᠨ ᠪᠠ ᠵᠡᠭᠦᠨ ᠬᠤᠶᠢᠲᠤ ᠣᠷᠣᠨ ᠳᠤ ᠪᠠᠶᠢᠭᠤᠯᠤᠭᠰᠠᠨ ᠳᠤᠮᠤ ᠬᠡᠯᠪᠡᠷᠢ ᠶᠢᠨ ᠬᠦᠮᠦᠨ ᠤ ᠬᠦᠴᠦ ᠪᠠᠷ ᠤᠶᠢᠵᠢᠭᠤᠯᠤᠭᠰᠠᠨ ᠤᠢ ᠰᠢᠭᠤᠶ ᠶᠢᠨ ᠠᠮᠢ ᠠᠬᠤᠶ ᠶᠢᠨ ᠢᠨᠵᠧᠨᠧᠷᠢᠩ ᠢ ᠵᠢᠭᠠᠵᠤ ᠪᠠᠶᠢᠨ᠎ᠠ᠃ ᠲᠣᠰ ᠢᠨᠵᠧᠨᠧᠷᠢᠩ ᠨᠢ ᠮᠣᠳᠣ ᠳᠠᠷᠢᠵᠤ ᠣᠶᠢᠵᠢᠭᠤᠯᠬᠤ ᠪᠠ ᠠᠮᠢ ᠠᠬᠤᠶ ᠶᠢᠨ ᠵᠠᠰᠠᠯᠲᠠ ᠪᠠᠷ ᠳᠡᠮᠵᠢᠨ᠂ ᠡᠲᠡᠭᠡᠷ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠠᠯᠬᠢ ᠡᠯᠡᠰᠦᠨ ᠤ ᠬᠥᠨᠥᠭᠡᠯ ᠪᠠ ᠬᠥᠷᠥᠰᠥ ᠰᠢᠷᠣᠶ ᠶᠢᠨ ᠢᠳᠡᠭᠳᠡᠯ ᠢ ᠰᠡᠷᠭᠡᠶᠢᠯᠡᠬᠦ ᠶᠢᠨ ᠲᠥᠯᠥᠭᠡ ᠶᠤᠮ᠃    ⒓ ᠬᠤᠤᠰ ᠨᠡᠭᠦᠷᠡᠰᠦᠲᠥ᠋ᠷᠥᠭᠴᠢ ᠶᠢᠨ ᠪᠠᠶᠢᠯᠳᠤᠬᠤ ᠪᠣᠳᠣᠯᠭ᠎ᠠ᠄ ᠳᠤᠮᠳᠠᠳᠤ ᠤᠯᠤᠰ ᠠᠴᠠ ᠳᠤᠷᠠᠳᠤᠭᠰᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠤᠶᠠᠷ ᠱᠠᠲᠤᠨ ᠤ ᠬᠠᠷᠠᠯᠲᠠ ᠮᠥᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2030 ᠣᠨ ᠳᠤ ᠣᠷᠭᠢᠯ ᠤᠨ ᠬᠡᠮᠵᠢᠭᠳᠡᠯ ᠳᠤ ᠬᠦᠷᠭᠡᠵᠦ᠂ 2060 ᠣᠨ ᠳᠤ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯᠲᠠ ᠶᠢ ᠪᠡᠶᠡᠯᠡᠭᠦᠯᠦᠨ᠎ᠡ᠃    ⒔ ᠭᠠᠳᠠᠭᠠᠳᠤ ᠶᠢᠨ ᠢᠷᠭᠡᠨ ᠤ ᠬᠠᠮᠢᠶᠠᠷᠤᠯᠲᠠ᠄ ︽ᠬᠠᠤᠯᠢ ᠪᠤᠰᠤ ᠪᠠᠷ ᠬᠢᠯᠢ ᠳᠤ ᠳᠠᠪᠠᠭ᠋ᠤ᠂ ᠬᠠᠤᠯᠢ ᠪᠤᠰᠤ ᠪᠠᠷ ᠣᠷᠣᠰᠢᠨ ᠰᠠᠭᠤᠷᠢᠰᠢᠬᠤ᠂ ᠬᠠᠤᠯᠢ ᠪᠤᠰᠤ ᠪᠠᠷ ᠬᠦᠳᠡᠯᠮᠦᠷᠢᠯᠡᠬᠦ︾ ᠬᠥᠮᠦᠰ ᠤᠨ ᠬᠠᠮᠢᠶᠠᠷᠤᠯᠲᠠ ᠶᠢ ᠵᠢᠭᠠᠵᠤ ᠪᠠᠶᠢᠨ᠎ᠠ᠃    ⒕ ᠵᠠᠷᠯᠠᠯ ᠨᠡᠶᠢᠲᠡᠯᠡᠵᠦ ᠮᠠᠩᠯᠠᠶᠢᠯᠠᠭᠤᠯᠬᠤ᠄ ᠨᠢᠭᠡ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠪ ᠵᠠᠭᠪᠤᠷ ᠪᠣᠯᠤᠨ᠎ᠠ᠂ ᠵᠠᠩᠭᠢᠯᠠᠭ᠎ᠠ ᠶᠢᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ ᠶᠢᠨ ᠲᠥᠯᠥᠭᠡ ᠶᠤᠮ᠃ ᠪᠣᠳᠠᠲᠠᠶ ᠪᠠᠷ ᠬᠡᠯᠡᠪᠡᠯ᠂ ᠲᠡᠷᠡ ᠨᠢ ᠬᠡᠷᠡᠭᠰᠡᠬᠦ ᠲᠠᠯ᠎ᠠ ︵ᠶᠡᠷᠦ ᠳᠡᠭᠡᠨ ᠠᠵᠤ ᠠᠬᠤᠶᠢᠯᠠᠯ ᠪᠤᠶᠤ ᠰᠤᠳᠤᠯᠭᠠᠨ ᠤ ᠪᠠᠶᠢᠭᠤᠯᠤᠮᠵᠢ︶ ᠠᠴᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠪᠤᠶᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠬᠡᠷᠡᠭᠴᠡᠭᠡ ᠶᠢ ᠳᠤᠷᠠᠳᠤᠨ ᠭᠠᠷᠭᠠᠬᠤ ᠶᠢᠨ ᠬᠠᠮᠲᠤ ᠲᠠᠪᠴᠠᠩ ᠢᠶᠠᠷ ᠳᠠᠮᠵᠢᠭᠤᠯᠤᠨ ᠡᠳᠡᠭᠡᠷ ᠬᠡᠷᠡᠭᠴᠡᠭᠡ ᠶᠢ ᠨᠡᠶᠢᠲᠡᠯᠡᠵᠦ᠂ ᠮᠡᠷᠭᠡᠵᠢᠯ ᠲᠠᠢ ᠲᠠᠯ᠎ᠠ ︵ᠶᠡᠷᠦ ᠳᠡᠭᠡᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠤᠶᠤ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ︶ ᠶᠢ ᠲᠠᠳᠠᠨ ᠠᠪᠴᠢᠷᠠᠵᠤ ᠵᠠᠷᠯᠠᠯ ᠨᠡᠶᠢᠲᠡᠯᠡᠭᠦᠯᠵᠦ᠂ ᠵᠣᠬᠢᠴᠠᠩᠭᠤᠶ ᠰᠤᠳᠤᠯᠤᠨ ᠨᠡᠭᠡᠭᠡᠬᠦ ᠡᠭᠦᠷᠭᠡ ᠪᠤᠶᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠠᠵᠢᠯ ᠢ ᠡᠬᠦᠷᠬᠡᠯᠡᠬᠦ ᠶᠢ ᠵᠢᠭᠠᠵᠤ ᠪᠠᠶᠢᠨ᠎ᠠ᠃    ⒖ ᠭᠡᠷ ᠪᠠᠶᠢᠰᠢᠩ ᠲᠤᠰᠢᠶᠠᠪᠠᠯ ᠳᠠᠷᠤᠶ ᠦᠨᠡᠮᠯᠡᠯ ᠣᠯᠭᠤᠬᠤ᠄ ᠭᠡᠷ ᠪᠠᠶᠢᠰᠢᠩ ᠢ ᠦᠮᠴᠢᠯᠡᠭᠴᠢ ᠳᠤ ᠲᠤᠰᠢᠶᠠᠨ ᠥᠭᠬᠦ ᠶᠢᠨ ᠳᠠᠭᠠᠤ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠵᠡᠷᠭᠡ ᠪᠠᠷ ᠭᠠᠷᠳᠠᠭᠤᠯᠬᠤ ᠶᠢ ᠵᠢᠭᠠᠵᠤ ᠪᠠᠶᠢᠨ᠎ᠠ᠃ ᠡᠨᠡ ᠬᠦ ᠲᠥᠷᠥ ᠶᠢᠨ ᠪᠣᠳᠣᠯᠭ᠎ᠠ ᠶᠢᠨ ᠵᠣᠷᠢᠯᠭ᠎ᠠ ᠨᠢ ᠬᠡᠷ ᠪᠠᠶᠢᠰᠢᠩ ᠬᠤᠳᠠᠯᠳᠤᠨ ᠠᠪᠬᠤ ᠶᠠᠪᠤᠴᠠ ᠶᠢ ᠳᠥᠭᠦᠮᠴᠢᠯᠡᠵᠦ᠂ ᠦᠮᠴᠢᠯᠡᠭᠴᠢ ᠬᠦᠯᠢᠶᠡᠬᠦ ᠴᠠᠭ ᠢ ᠪᠠᠭᠠᠰᠬᠠᠨ᠂ ᠬᠡᠷ ᠪᠠᠶᠢᠰᠢᠩ ᠬᠤᠳᠠᠯᠳᠤᠨ ᠠᠪᠤᠭᠴᠢ ᠶᠢᠨ ᠡᠷᠬᠡ ᠠᠰᠢᠭ ᠢ ᠪᠠᠲᠤᠯᠠᠬᠤ ᠶᠢᠨ ᠲᠥᠯᠥᠭᠡ ᠶᠤᠮ᠃     ⒗ ᠵᠠᠮ ᠵᠠᠰᠠᠬᠤ ᠶᠢᠨ ᠳᠠᠭᠠᠤ ᠡᠯᠡᠰᠦ ᠶᠢ ᠵᠠᠰᠠᠬᠤ᠄ ᠡᠯᠡᠰᠦ ᠶᠢ ᠨᠡᠪᠲᠡᠯᠬᠦ ᠵᠠᠰᠠᠮᠠᠯ ᠵᠠᠮ ᠵᠠᠰᠠᠬᠤ ᠪᠠᠷ ᠳᠠᠮᠵᠢᠭᠤᠯᠤᠨ ᠡᠯᠡᠰᠦ ᠶᠢ ᠵᠠᠰᠠᠬᠤ ᠰᠢᠨ᠎ᠡ ᠬᠡᠪ ᠵᠠᠭᠪᠤᠷ ᠢ ᠵᠢᠭᠠᠨ᠎ᠠ᠃    ⒘ ᠡᠮᠴᠢᠯᠡᠭᠡᠨ ᠤ ᠳᠥᠷᠪᠡᠨ ᠶᠡᠭᠡ ᠰᠢᠪᠲᠤᠯᠤᠯᠲᠠ ᠶᠢᠨ ᠠᠵᠢᠯᠯᠠᠭ᠎ᠠ᠄ ᠠᠯᠪᠠᠨ ᠤ ᠡᠮᠨᠡᠯᠭᠡ ᠶᠢᠨ ᠬᠤᠷᠢᠶᠠᠨ ᠤ ᠬᠠᠮᠢᠶᠠᠷᠣᠯᠲᠠ᠂ ᠡᠮᠴᠢᠯᠡᠭᠡᠨ ᠤ ᠰᠠᠯᠠᠭ᠎ᠠ ᠶᠢᠨ ᠴᠢᠳᠠᠪᠣᠷᠢ ᠶᠢᠨ ᠪᠠᠶᠢᠭᠤᠯᠣᠯᠲᠠ᠂ ᠨᠢᠭᠲᠠᠷᠠᠭᠰᠠᠨ ᠬᠡᠯᠪᠡᠷᠢ ᠶᠢᠨ ᠬᠤᠰᠢᠭᠤ ᠬᠡᠪᠴᠢᠶᠡᠨ ᠤ ᠡᠮᠴᠢᠯᠡᠭᠡᠨ ᠤ ᠬᠠᠮᠲᠣ ᠶᠢᠨ ᠴᠣᠭᠴᠠ ᠶᠢᠨ ᠪᠠᠶᠢᠭᠤᠯᠣᠯᠲᠠ ᠪᠣᠯᠣᠨ ᠡᠮᠴᠢᠯᠡᠭᠡᠨ ᠤ ᠦᠢᠯᠡᠴᠢᠯᠡᠭᠡ ᠶᠢ ᠰᠠᠶᠢᠵᠢᠷᠠᠭᠤᠯᠬᠤ ᠶᠢ ᠵᠢᠭᠠᠨ᠎ᠠ᠃    ⒙ ᠲᠠᠪᠤ ᠶᠢ ᠡᠷᠬᠡᠪᠰᠢ ᠨᠢᠭᠡᠳᠦᠯᠲᠡᠶ ᠲᠥᠯᠥᠪᠯᠡᠬᠦ ᠬᠡᠷᠡᠭᠲᠡᠶ᠄ ᠡᠷᠬᠡᠪᠰᠢ ᠪᠦᠲᠦᠮᠵᠢᠲᠡᠶ ᠵᠠᠬ᠎ᠠ ᠳᠡᠯᠭᠡᠭᠦᠷ ᠪᠣᠯᠤᠨ ᠵᠢᠳᠬᠦᠯ ᠴᠢᠷᠮᠠᠶᠢᠯᠭ᠎ᠠ ᠲᠠᠢ ᠵᠠᠰᠠᠭ ᠤᠨ ᠣᠷᠳᠣᠨ ᠤ ᠬᠠᠷᠢᠴᠠᠭ᠎ᠠ ᠶᠢ ᠨᠡᠩ ᠰᠠᠶᠢᠨ ᠣᠶᠠᠯᠳᠣᠭᠤᠯᠵᠣ᠂ ︽ᠨᠡᠭᠡᠭᠡᠯᠳᠡᠲᠡᠢ︾ ᠮᠥᠷᠲᠡᠭᠡᠨ ︽ᠬᠠᠮᠢᠶᠠᠷᠴᠤ ᠴᠢᠳᠠᠬᠤ︾ ᠠᠵᠤ ᠠᠬᠤᠶ ᠶᠢᠨ ᠡᠮᠬᠢ ᠵᠢᠷᠤᠮ ᠢ ᠪᠤᠢ ᠪᠣᠯᠭᠠᠬᠤ ᠬᠡᠷᠡᠭᠲᠡᠶ᠂ ᠡᠷᠬᠡᠪᠰᠢ ᠶᠡᠷᠦᠩᠬᠡᠶ ᠬᠠᠩᠭᠠᠯᠭ᠎ᠠ ᠪᠠ ᠬᠡᠷᠡᠭᠴᠡᠭᠡ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠵᠦ᠂ ᠤᠯᠤᠰ ᠠᠷᠠᠳ ᠤᠨ ᠠᠵᠤ ᠠᠬᠤᠶ ᠶᠢᠨ ᠣᠷᠴᠢᠯ ᠬᠦᠭᠵᠢᠯᠲᠡ ᠶᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠶ᠂ ᠡᠷᠬᠡᠪᠰᠢ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠶᠢ ᠰᠢᠨᠡᠳᠬᠡᠬᠦ ᠬᠠᠷᠢᠴᠠᠭ᠎ᠠ ᠶᠢ ᠰᠠᠶᠢᠲᠤᠷ ᠨᠢᠭᠡᠳᠦᠯᠲᠡᠶ ᠲᠥᠯᠥᠪᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠶ᠂ ᠡᠷᠬᠡᠪᠰᠢ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠬᠦ ᠪᠠ ᠬᠠᠳᠠᠭᠠᠯᠠᠯᠲᠠ ᠶᠢᠨ ᠬᠡᠮᠵᠢᠶ᠎ᠡ ᠶᠢ ᠠᠮᠢᠳᠤᠯᠢᠭ ᠪᠣᠯᠭᠠᠬᠤ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠲᠥᠯᠥᠪᠵᠢᠭᠦᠯᠵᠦ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠂ ᠡᠷᠬᠡᠪᠰᠢ ᠶᠠᠰᠤ ᠴᠢᠨᠠᠷ ᠢ ᠳᠡᠭᠡᠭᠰᠢᠯᠡᠭᠦᠯᠬᠦ ᠪᠠ ᠶᠡᠷᠦᠩᠬᠡᠶ ᠬᠡᠮᠵᠢᠶ᠎ᠡ ᠶᠢ ᠶᠡᠬᠡᠰᠬᠡᠬᠦ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠣᠳᠠᠰ ᠤᠨ ᠰᠠᠭᠤᠷᠢ ᠶᠢ ᠪᠠᠲᠤᠳᠬᠠᠬᠤ ᠬᠡᠷᠡᠭᠲᠡᠶ᠃    ⒚ ᠲᠠᠪᠤᠨ ᠵᠦᠢᠯ ᠤᠨ ᠣᠶᠢᠯᠠᠭᠠᠭᠳᠠᠬᠤᠨ᠄ ︽ᠤᠷᠤᠭᠰᠢᠯᠠᠬᠤ ᠦᠭᠡᠢ ᠪᠣᠯ ᠤᠬᠤᠷᠢᠬᠤ᠂ ᠤᠳᠠᠭᠠᠰᠢᠷᠠᠪᠠᠯ ᠬᠤᠴᠤᠷᠬᠤ︾ ᠶᠢᠨ ᠣᠶᠢᠯᠠᠭᠠᠭᠳᠠᠬᠤᠨ᠂ ︽ᠦᠰᠦᠷᠦᠯᠲᠡ ᠶᠢᠨ ᠴᠢᠨᠠᠷᠲᠠᠢ᠂ ᠨᠡᠭᠡᠭᠡᠯᠳᠡᠲᠦ ᠴᠢᠨᠠᠷᠲᠠᠢ ᠬᠥᠭᠵᠢᠯᠲᠡ︾ ᠶᠢᠨ ᠣᠶᠢᠯᠠᠭᠠᠭᠳᠠᠬᠤᠨ᠂ ︽ᠦᠬᠡᠷᠡᠴᠢᠯᠡᠯᠲᠡ ᠨᠡᠬᠡᠬᠡᠯᠲᠡ ᠶᠢᠨ ᠠᠵᠠ ᠲᠤᠬᠢᠶᠠᠯ ᠢᠶᠠᠷ ᠬᠦᠭᠵᠢᠯᠲᠡ ᠶᠢ ᠠᠬᠢᠭᠤᠯᠬᠤ︾ ᠣᠶᠢᠯᠠᠭᠠᠭᠲᠠᠬᠤᠨ᠂ ︽ᠡᠳ᠋ ᠤᠨ ᠵᠠᠰᠠᠭ ᠤᠨ ᠪᠡᠯᠡ ᠮᠥᠩᠭᠦ ᠳᠤ ᠰᠠᠭᠤᠷᠢᠯᠠᠵᠤ᠂ ᠵᠠᠬ᠎ᠠ ᠳᠡᠯᠭᠡᠭᠦᠷᠴᠢᠯᠡᠭᠰᠡᠨ ᠬᠥᠷᠦᠩᠭᠡ ᠶᠢᠨ ᠬᠤᠷᠠᠮᠳᠠᠯ ᠢᠶᠠᠷ ᠬᠥᠭᠵᠢᠯᠲᠡ ᠶᠢ ᠠᠬᠢᠭᠤᠯᠬᠤ︾ ᠣᠶᠢᠯᠠᠭᠠᠭᠳᠠᠬᠤᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠦ᠋ᠷᠦᠭᠴᠢᠲᠦ ᠣᠷᠴᠢᠯ ᠬᠥᠭᠵᠢᠯᠲᠡ ᠶᠢᠨ ᠣᠶᠢᠯᠠᠭᠠᠭᠳᠠᠬᠤᠨ᠃    ⒛ ᠵᠢᠷᠭᠤᠭᠠᠨ ᠶᠡᠭᠡ ᠰᠠᠬᠢᠯᠭ᠎ᠠ ᠪᠠᠲᠤ᠄ ᠲᠤᠬᠠᠶᠢᠯᠠᠪᠠᠯ ᠤᠯᠤᠰ ᠲᠦᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠶᠢ ᠵᠢᠭᠠᠨ᠎ᠠ᠃
 
ᠢᠷᠡᠯᠲᠡ᠄ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号