3 ᠳ᠋ᠤᠭᠠᠷ ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ | ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ | ᠬᠤᠷᠠᠯ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠭᠡ ᠶᠢᠨ ᠤᠶᠢᠯᠡᠴᠢᠯᠡᠭᠡᠨ ᠤ ᠲᠥᠪ᠂ ᠵᠣᠬᠢᠶᠠᠯᠴᠢᠳ ᠤᠨ | ᠨᠡᠶᠢᠭᠡᠮᠯᠢᠭ᠂ ᠮᠦᠽᠧᠶ ᠬᠠᠮᠲᠤᠷᠠᠨ ᠦᠨᠳᠦᠰᠦᠲᠡᠨ ᠤ ᠬᠠᠮᠳᠦ ᠶᠢᠨ ᠬᠦᠰᠡᠯ ᠡᠷᠡᠮᠡᠯᠵᠡᠯ ᠢ ᠬᠠᠮᠲᠤ ᠪᠠᠷ ᠪᠡᠶᠡᠯᠡᠬᠦᠯᠦᠶ᠎ᠡ | - 26 ᠳ᠋ᠤᠭᠠᠷ ︽ᠳᠡᠯᠡᠬᠡᠶ ᠶᠢᠨ ᠢᠷᠠᠭᠤ ᠨᠠᠶᠢᠷᠠᠭ ᠤᠨ ᠡᠳᠦᠷ︾ ᠢ ᠪᠡᠯᠭᠡᠯᠡᠬᠦ ᠭᠤᠤᠯ ᠰᠡᠳᠦᠪᠲᠦ ᠰᠢᠷᠢᠰ | ᠠᠵᠢᠯᠯᠠᠭ᠎ᠠ ᠥᠷᠨᠢᠭᠦᠯᠪᠡ᠃ | ᠬᠤᠰᠢᠭᠤ ᠵᠣᠬᠢᠶᠠᠯᠴᠢᠳ ᠤᠨ ᠡᠪᠯᠡᠯ ᠤᠨ ᠭᠡᠰᠢᠭᠦᠳ ᠭᠢᠯᠤᠭᠡᠨ ᠰᠣᠶᠣᠯ ᠤᠨ ᠣᠪᠣᠭ᠎ᠠ ᠳᠤ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠥᠪᠡᠷ ᠤᠨ ᠵᠣᠬᠢᠶᠠᠨ ᠪᠦᠲᠦᠭᠡᠭᠰᠡᠨ ᠰᠢᠯᠦᠭ ᠳᠠᠭᠤᠯᠠᠯ ᠤᠨ ᠪᠦᠲᠦᠭᠡᠯ ︽ᠬᠠᠪᠤᠷ︾ ᠢ | ᠤᠩᠰᠢᠵᠤ᠂ ᠬᠠᠪᠤᠷ ᠤᠨ ᠦᠵᠡᠰᠬᠦᠯᠡᠩᠲᠦ ᠰᠠᠶᠢᠬᠠᠨ ᠢ ᠰᠢᠯᠦᠭ ᠳᠠᠭᠤᠯᠠᠯ ᠤᠨ ᠬᠡᠯᠪᠡᠷᠢ ᠪᠠᠷ ᠪᠦᠷᠢᠨ ᠭᠦᠢᠴᠡᠳ | ᠢᠯᠡᠷᠡᠭᠦᠯᠦᠭᠰᠡᠨ ᠪᠠᠶᠢᠨ᠎ᠠ᠃ ᠰᠢᠯᠦᠭ᠂ ᠳᠠᠭᠤᠯᠠᠯ ᠨᠢᠭᠡᠪᠦᠷᠢ ᠳᠤ ᠡᠬᠡ ᠪᠠᠶᠢᠭᠠᠯᠢ ᠳᠤ ᠬᠠᠨᠳᠤᠭᠤᠯᠤᠭᠰᠠᠨ ᠬᠠᠶᠢᠷ᠎ᠠ | ᠰᠡᠳᠬᠢᠯᠭᠡ ᠪᠠ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠠᠭᠤᠯᠤᠭᠳᠠᠵᠤ᠂ ᠤᠷᠠᠨ ᠤᠩᠰᠢᠯᠭ᠎ᠠ ᠶᠢᠨ | ᠳᠤᠮᠳᠠ ᠰᠢᠯᠦᠭ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃ ᠬᠡᠰᠢᠬᠦᠳ ᠬᠤᠰᠢᠭᠤ | ᠮᠦᠽᠸᠢ ᠳᠤ ᠢᠷᠡᠵᠦ᠂ ᠪ᠊᠂ ᠪᠢᠯᠢᠭ ᠤᠨ ᠱᠤᠭ ᠵᠢᠷᠤᠭ ᠤᠨ ᠦᠵᠡᠬᠦᠯᠦᠯᠭᠡ ᠶᠢ ᠲᠤᠭᠤᠷᠢᠨ ᠦᠵᠡᠵᠦ᠂ ᠱᠤᠭ | ᠵᠢᠷᠤᠭ ᠪᠦᠷᠢ ᠶᠢᠨ ᠰᠡᠳᠬᠢᠯ ᠬᠦᠳᠡᠯᠭᠡᠮ᠎ᠡ ᠦᠯᠢᠬᠡᠷ ᠵᠢᠱᠢᠶ᠎ᠡ᠂ ᠨᠠᠷᠢᠯᠢᠭ ᠵᠢᠷᠤᠭ᠂ ᠪᠠᠶᠠᠯᠢᠭ ᠥᠩᠭᠡ ᠪᠤᠳᠤᠭ᠂ | ᠭᠦᠨ ᠭᠦᠨᠵᠡᠭᠡᠢ ᠶᠣᠭᠲᠠ ᠤᠳᠬ᠎ᠠ ᠨᠢ ᠭᠡᠰᠢᠭᠦᠨ ᠨᠢᠭᠡᠪᠦᠷᠢ ᠶᠢᠨ ᠰᠡᠳᠬᠢᠯ ᠤᠨ ᠬᠦᠪᠴᠢ ᠶᠢ ᠬᠦᠨᠳᠡᠵᠦ᠂ ᠰᠡᠳᠬᠢᠯ | ᠵᠢᠷᠦᠬᠡᠨ ᠤ ᠭᠦᠨ ᠳᠠᠬᠢ ᠪᠢᠷ ᠢᠶᠠᠨ ᠪᠠᠷᠢᠨ᠂ ᠲᠤᠬᠠᠢ ᠶᠢᠨ ᠲᠠᠯᠠᠪᠠᠢ ᠳᠤ ᠰᠢᠯᠦᠭ ᠳᠠᠭᠤᠯᠠᠯ ᠢ ᠵᠣᠬᠢᠶᠠᠨ ᠪᠦᠲᠦᠭᠡᠵᠦ᠂ | ᠬᠠᠮᠤᠭ ᠤᠨ ᠪᠦᠲᠦᠭᠡᠯᠴᠢ ︽ᠠᠪᠢᠶᠠᠰ ᠪᠢᠯᠢᠭ ᠤᠨ ᠤᠳᠤᠨ︾ ᠶᠢ ᠰᠢᠯᠭᠠᠷᠠᠭᠤᠯᠤᠨ ᠭᠠᠷᠭᠠᠭᠰᠠᠨ ᠤ ᠬᠠᠮᠲᠦ᠂ | ᠰᠣᠨᠢᠷᠬᠠᠯᠲᠠᠶ ︽ᠪᠢ ᠤᠩᠰᠢᠵᠤ ᠦᠩᠭᠡᠷᠡᠪᠡ︾ ᠤᠳᠬ᠎ᠠ ᠵᠣᠬᠢᠶᠠᠯ ᠤᠨ ᠠᠰᠠᠭᠤᠯᠲᠠ ᠬᠠᠷᠢᠭᠤᠯᠲᠠ ᠶᠢᠨ | ᠲᠣᠭᠯᠠᠭᠠᠮ ᠢ ᠥᠷᠨᠢᠭᠦᠯᠵᠦ᠂ ᠣᠯᠠᠨ ᠢᠶᠠᠷ ᠢᠶᠠᠨ ᠢᠳᠡᠪᠬᠢᠲᠡᠶ ᠪᠠᠷ ᠪᠣᠳᠣᠯᠬᠢᠯᠠᠨ ᠬᠠᠷᠢᠭᠤᠯᠵᠤ᠂ ᠣᠷᠣᠯᠴᠠᠭᠰᠠᠳ ᠤᠨ | ᠡᠯ᠎ᠡ ᠲᠥᠷᠥᠯ ᠤᠨ ᠤᠳᠬ᠎ᠠ ᠵᠣᠬᠢᠶᠠᠯ ᠤᠨ ᠪᠦᠲᠦᠭᠡᠯ ᠤᠨ ᠤᠩᠰᠢᠯᠭ᠎ᠠ ᠶᠢᠨ ᠭᠦᠨᠴᠡ ᠶᠢ ᠰᠢᠯᠭᠠᠵᠤ᠂ | ︽ᠤᠩᠰᠢᠯᠭ᠎ᠠ ᠶᠢᠨ ᠣᠳᠣ︾ ᠶᠢ ᠰᠢᠯᠭᠠᠷᠠᠭᠤᠯᠤᠨ ᠭᠠᠷᠭᠠᠭᠰᠠᠨ ᠪᠠᠶᠢᠨ᠎ᠠ᠃ | ᠤᠯᠠᠨ ᠢᠶᠠᠷ ᠢᠶᠠᠨ᠂ ︽ᠳᠡᠯᠡᠬᠡᠢ ᠶᠢᠨ ᠢᠷᠠᠭᠤ ᠨᠠᠶᠢᠷᠠᠭ ᠤᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠪᠠᠷ | ᠳᠠᠮᠵᠢᠭᠤᠯᠵᠤ᠂ ᠤᠯᠠᠨ ᠳᠤ ᠰᠢᠯᠦᠭ ᠳᠠᠭᠤᠯᠠᠯ ᠤᠨ ᠷᠢᠳᠢ ᠰᠢᠳᠢ ᠶᠢ ᠮᠡᠳᠡᠷᠡᠭᠦᠯᠤᠨ᠂ ᠰᠣᠶᠣᠯ ᠤᠨ ᠢᠲᠡᠭᠡᠯ ᠪᠣᠯᠤᠨ | ᠦᠨᠳᠦᠰᠦᠲᠡᠨ ᠤ ᠣᠮᠤᠭ ᠪᠠᠭ᠋ᠠᠳᠤᠯᠲᠤ ᠰᠡᠳᠬᠢᠯᠭᠡ ᠶᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠨ᠂ | ᠤᠮᠠᠷᠠᠲᠤ ᠶᠢᠨ ᠰᠣᠶᠣᠯ ᠤᠨ ᠬᠥᠭᠵᠢᠯ ᠴᠡᠴᠡᠭᠯᠡᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ | ᠢᠯᠡᠳᠬᠡᠵᠡᠭᠡᠪᠡ᠃ |