ᠭᠤᠷᠪᠠᠨ ᠬᠤᠰᠢᠭᠤ ᠬᠠᠮᠳᠤᠷᠠᠨ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/3/28
   ᠣᠶᠢᠷ᠎ᠡ ᠶᠢᠨ ᠡᠳᠦᠷ᠂ ᠰᠥᠨᠢᠳ ᠵᠡᠭᠦᠨ ᠬᠤᠰᠢᠭᠤᠨ ᠤ ᠴᠠᠭ ᠠᠭᠤᠷ ᠤᠨ ᠲᠣᠪᠴᠢᠶ᠎ᠠ᠂ ᠡᠷᠢᠶᠡᠨ ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠥᠪᠡᠭᠡᠲᠦ ᠰᠢᠷ᠎ᠡ ᠬᠤᠰᠢᠭᠤᠨ ᠤ ᠴᠠᠭ ᠠᠭᠤᠷ ᠤᠨ ᠲᠣᠪᠴᠢᠶ᠎ᠠ ᠪᠠᠷ ᠪᠦᠷᠢᠯᠳᠦᠭᠰᠡᠨ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠲᠠᠢᠯᠪᠤᠷᠢᠯᠠᠬᠤ ᠪᠦᠯᠬᠦᠮ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠶᠢᠯᠡᠴᠢᠯᠡᠭᠡ︾ ᠵᠠᠷᠭᠡ ᠠᠷᠭ᠎ᠠ ᠪᠠᠷ᠂ ᠲᠧᠩ ᠰᠢᠶᠦ᠋ᠨ 腾讯 ᠬᠤᠷᠠᠯ ᠤᠨ ᠲᠠᠪᠴᠠᠩ ᠢ ᠠᠰᠢᠭᠯᠠᠨ ᠠᠶᠢᠮᠠᠭ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠲᠠᠢ ᠬᠤᠯᠪᠣᠭᠳᠠᠵᠦ ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠣᠯᠭ᠎ᠠ ᠬᠢᠯᠭᠡᠵᠦ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ IP ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠲᠠᠢ ᠤᠶᠠᠯᠳᠤᠭᠤᠯᠤᠨ᠂ ︽ᠭᠠᠷ ᠬᠤᠯᠪᠣᠨ ᠡᠬᠢᠨ ᠤ ᠬᠤᠭᠤᠴᠠᠭᠠᠨ ᠤ ᠰᠡᠷᠡᠮᠵᠢᠯᠡᠭᠦᠯᠬᠦ ᠵᠥᠷᠢᠶ᠎ᠡ ᠶᠢ ᠪᠠᠭᠠᠰᠬᠠᠬᠤ︾ ᠭᠤᠤᠯ ᠰᠡᠳᠦᠪᠲᠦ ᠲᠡᠮᠳᠡᠭᠯᠡᠯ ᠤᠨ ᠳᠡᠪᠲᠡᠷ᠂ ︽ᠪᠢᠴᠢᠬᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠭᠴᠢ︾ ᠶᠢᠨ ᠰᠦᠯᠳᠡ ᠲᠡᠮᠳᠡᠭ ᠵᠡᠷᠭᠡ ᠠᠭᠤᠯᠭ᠎ᠠ ᠶᠢᠨ ᠲᠣᠭᠤᠷᠢᠨ ᠳᠤ᠂ ᠴᠠᠭ ᠠᠭᠤᠷ ᠤᠨ ᠮᠡᠳᠡᠯᠭᠡ ᠶᠢ ᠠᠮᠢᠳᠤᠯᠢᠭ ᠪᠥᠭᠡᠳ ᠰᠣᠨᠢᠷᠬᠠᠯᠲᠠᠶ ᠦᠯᠢᠭᠡᠷ ᠪᠠ ᠬᠠᠷᠢᠯᠴᠠᠨ ᠬᠥᠳᠡᠯᠦᠯᠴᠡᠬᠦ ᠲᠣᠭᠯᠠᠭᠠᠮ ᠪᠣᠯᠭᠠᠨ ᠬᠤᠪᠢᠷᠠᠭᠤᠯᠵᠤ᠂ ᠰᠤᠷᠤᠭᠴᠢᠳ ᠰᠣᠶᠣᠯ ᠤᠨ ᠡᠭᠦᠳᠦᠯᠲᠡ ᠶᠢᠨ ᠰᠦᠯᠳᠡ ᠲᠡᠮᠳᠡᠭ ᠵᠡᠭᠦᠵᠦ᠂ ᠴᠠᠭ ᠠᠭᠤᠷ ᠤᠨ ᠠᠵᠢᠭᠯᠠᠯᠲᠠ ᠶᠢᠨ ᠪᠠᠭᠠᠵᠢ ᠶᠢ ᠪᠠᠷᠢᠨ᠂ ᠴᠠᠭ ᠠᠭᠤᠷ ᠤᠨ ᠠᠵᠢᠭᠯᠠᠯᠲᠠ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠨᠠᠶᠢᠷᠠᠭᠤᠯᠬᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠷ᠎ᠠ ᠴᠢᠳᠠᠪᠤᠷᠢ ᠶᠢ ᠤᠶᠢᠯᠠᠭᠠᠨ ᠡᠵᠡᠮᠰᠢᠭᠰᠡᠨ ᠪᠠᠶᠢᠨ᠎ᠠ᠃ ᠠᠶᠢᠮᠠᠭ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠸᠢᠳᠢᠣ᠋ ᠪᠠᠷ ᠬᠤᠯᠪᠣᠬᠤ᠂ ︽ᠡᠭᠦᠯᠡᠨ ᠬᠢᠴᠢᠶᠡᠯ ᠤᠨ ᠲᠠᠩᠬᠢᠮ︾ ᠶᠢ ᠠᠰᠢᠭᠯᠠᠨ᠂ ᠰᠤᠷᠤᠭᠴᠢᠳ ᠲᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠥᠭᠴᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ︽ᠬᠤᠲᠠ ᠪᠠᠯᠭᠠᠰᠤ ᠨᠡᠶᠢᠭᠡᠮ ᠲᠣᠭᠤᠷᠢᠭ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ︾ ᠠᠵᠢᠯᠯᠠᠭ᠎ᠠ ᠶᠢ ᠢᠳᠡᠪᠬᠢᠲᠡᠶ ᠤᠶᠢᠯᠭᠠᠭᠤᠯᠤᠭᠰᠠᠨ ᠪᠠᠶᠢᠨ᠎ᠠ᠃    ᠰᠥᠨᠢᠳ ᠵᠡᠭᠦᠨ ᠬᠤᠰᠢᠭᠤ᠂ ᠡᠷᠢᠶᠡᠨ ᠬᠤᠲᠠ᠂ ᠬᠥᠪᠡᠭᠡᠲᠦ ᠰᠢᠷ᠎ᠠ ᠬᠤᠰᠢᠭᠤᠨ ᠤ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠦᠷᠭᠦᠯᠵᠢᠯᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠢᠯᠢᠳᠡᠭ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ︽ᠢᠨᠲ᠋ᠧᠷ ᠰᠦᠯᠵᠢᠶ᠎ᠡ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︾ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠳᠤ ᠴᠠᠭ ᠠᠭᠤᠷ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号