ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 29 ᠤ ᠴᠠᠭᠢᠯᠭᠠᠨ ᠮᠡᠳᠡᠭᠡ 3 ᠰᠠᠷ᠎ᠠ ᠶᠢᠨ 29 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠢᠷᠮᠠ ᠳᠤ ᠭᠠᠵᠠᠷ ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ ᠪᠢᠷᠮᠠ ᠶᠢᠨ | ᠤᠳᠤᠷᠢᠳᠬᠤ ᠬᠥᠮᠥᠨ ᠮᠢᠨ ᠠᠩ ᠯᠠᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ᠂ ᠪᠢᠷᠮᠠ ᠬᠦᠨᠳᠦ ᠨᠣᠴᠢᠲᠠᠢ ᠭᠠᠵᠠᠷ ᠬᠥᠳᠡᠯᠦᠯᠲᠡ ᠶᠢᠨ ᠭᠠᠮᠰᠢᠭ ᠲᠤ ᠲᠠᠭᠠᠷᠢᠬᠳᠠᠵᠦ᠂ ᠬᠥᠮᠥᠨ ᠬᠠᠷ᠎ᠠ | ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ | ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ | ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ᠂ ᠰᠢᠷᠬᠠᠲᠤᠭᠰᠠᠳ ᠪᠣᠯᠣᠨ ᠭᠠᠮᠰᠢᠭᠳᠠᠭᠰᠠᠨ | ᠣᠷᠣᠨ ᠤ ᠠᠷᠠᠳ ᠤᠯᠠᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ᠃ ᠳᠤᠮᠳᠠᠳᠤ ᠪᠢᠷᠮᠠ ᠪᠣᠯ ᠵᠢᠷᠭᠠᠯ | ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠬᠤᠶᠠᠷ ᠤᠯᠤᠰ ᠤᠨ ᠠᠷᠠᠳ | ᠲᠦᠮᠡᠨ ᠤ ᠠᠬ᠎ᠠ ᠳᠡᠭᠦᠦ ᠶᠢᠨ ᠨᠥᠬᠦᠷᠯᠡᠯ ᠭᠦᠨ ᠵᠤᠵᠠᠭᠠᠨ ᠶᠤᠮ᠃ ᠳᠤᠮᠳᠠᠳᠤ ᠤᠯᠤᠰ ᠳᠤᠷᠠᠲᠠᠶ᠎ᠠ ᠪᠢᠷᠮᠠ ᠳᠤ ᠬᠡᠷᠡᠭᠴᠡᠭᠡ | ᠪᠦᠬᠦᠢ ᠬᠠᠪᠰᠤᠷᠤᠯᠭ᠎ᠠ ᠬᠠᠩᠭᠠᠵᠤ᠂ ᠭᠠᠮᠰᠢᠭᠳᠠᠭᠰᠠᠨ ᠣᠷᠣᠨ ᠤ ᠠᠷᠠᠳ ᠲᠦᠮᠡᠨ ᠤ ᠡᠷᠲᠡᠬᠡᠨ ᠭᠠᠮᠰᠢᠭ ᠢ ᠢᠯᠠᠨ ᠳᠠᠪᠠᠵᠤ᠂ | ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠳᠡᠮᠵᠢᠨ᠎ᠠ ᠭᠡᠵᠦ ᠢᠯᠡᠳᠬᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠢᠷᠮᠠ ᠳᠤ ᠭᠠᠵᠠᠷ | ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ ᠮᠢᠨ ᠠᠩ ᠯᠠᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ |