4 ᠳ᠋ᠦ᠋ᠭᠡᠷ ᠰᠠᠷ᠎ᠠ ᠶᠢᠨ 3 ᠤ ᠡᠳᠦᠷ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠪᠠ ᠨᠢᠭᠡᠳᠦᠭᠡᠷ | ᠳᠤᠮᠳᠠᠳᠤ ᠰᠤᠷᠭᠠᠭᠤᠯᠢ ᠬᠠᠮᠲᠤᠷᠠᠨ ᠬᠤᠶᠠᠳᠤᠭᠠᠷ ᠬᠤᠭᠤᠴᠠᠭᠠᠨ ᠤ ︽ᠬᠡᠷ ᠤᠨ ᠰᠤᠷᠭᠠᠨ ᠬᠥᠮᠦᠵᠢᠯ ᠢᠶᠠᠷ | ᠢᠷᠡᠭᠡᠳᠦᠶ ᠪᠠᠨ ᠴᠤᠭᠴᠠᠯᠠᠵᠤ ᠬᠠᠶᠢᠷ᠎ᠠ ᠪᠠᠷ ᠦᠰᠦᠨ ᠪᠤᠶᠢᠵᠢᠭᠤᠯᠬᠤ︾ ᠭᠡᠷ ᠪᠦᠯᠢ ᠶᠢᠨ ᠰᠤᠷᠭᠠᠨ ᠬᠥᠮᠦᠵᠢᠯ ᠤᠨ | ᠪᠣᠯᠪᠠᠰᠤᠷᠠᠯ ᠤᠨ ᠠᠩᠭᠢ ᠡᠷᠬᠢᠯᠡᠪᠡ᠃ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢ᠂ | ᠬᠡᠷ ᠤᠨ ᠠᠬᠠᠮᠠᠳ ᠪᠣᠯᠪᠠᠰᠤᠷᠠᠯ ᠳᠤ ᠣᠷᠣᠯᠴᠠᠪᠠ᠃ | ᠥᠪᠥᠷ ᠮᠣᠩᠭᠤᠯ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠭᠠᠨ ᠵᠢᠯᠤᠭᠤᠳᠤᠬᠴᠢ ᠪᠠᠭᠰᠢ᠂ | ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ ᠥᠭᠭᠦᠭᠴᠢ ᠴᠡᠯᠮᠡᠭ ᠪᠠᠭᠰᠢ ᠢ ᠤᠷᠢᠵᠤ᠂ ︽ᠬᠡᠦᠬᠡᠳ ᠪᠣᠯ | ᠮᠠᠨ ᠤ ᠨᠢᠭᠡ ᠲᠣᠯᠢ ᠮᠥᠨ︾ ᠭᠡᠬᠦ ᠭᠤᠣᠯ ᠰᠡᠳᠦᠪ ᠪᠠᠷ᠂ ᠠᠮᠢᠳᠤᠷᠠᠯ ᠢᠶᠠᠨ ᠡᠷᠭᠢᠴᠡᠭᠦᠯᠬᠦ᠂ ᠢᠷᠡᠭᠡᠳᠦᠢ ᠶᠢ | ᠪᠠᠷᠠᠯᠠᠬᠤ᠂ ᠠᠰᠠᠭᠤᠯᠲᠠ ᠭᠠᠷᠭᠠᠬᠤ ᠠᠷᠭ᠎ᠠ ᠬᠡᠯᠪᠡᠷᠢ ᠶᠢ ᠠᠪᠴᠤ᠂ ᠭᠡᠷ ᠤᠨ ᠠᠬᠠᠮᠠᠳ ᠲᠤ ᠬᠡᠦᠬᠡᠳ ᠤᠨ | ᠲᠣᠲᠣᠭᠠᠲᠦ ᠰᠡᠳᠬᠢᠯ ᠶᠢ ᠤᠶᠢᠯᠭᠠᠵᠦ᠂ ᠬᠡᠦᠬᠡᠳ ᠲᠤ ᠭᠦᠢᠴᠡᠳ ᠬᠠᠯᠠᠮᠵᠢᠯᠠᠯ ᠪᠠ ᠬᠠᠶᠢᠷ᠎ᠠ ᠬᠠᠯᠠᠮᠵᠢ ᠬᠦᠷᠲᠡᠭᠡᠬᠦ | ᠴᠢᠬᠤᠯᠠ ᠴᠢᠨᠠᠷ ᠶᠢ ᠮᠡᠳᠡᠷᠡᠭᠦᠯᠪᠡ᠃ ᠡᠭᠦᠨ ᠤ ᠬᠠᠮᠲᠤ ᠥᠪᠥᠷ ᠮᠣᠩᠭᠤᠯ ᠤᠨ ᠭᠡᠷ ᠪᠦᠯᠢ ᠶᠢᠨ ᠰᠤᠷᠭᠠᠨ | ᠬᠥᠮᠦᠵᠢᠯ ᠤᠨ ᠰᠤᠳᠤᠯᠭᠠᠨ ᠤ ᠨᠡᠶᠢᠭᠡᠮᠯᠢᠭ ᠤᠨ ᠭᠡᠰᠢᠭᠦᠨ᠂ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ | ᠦᠭᠬᠦ ᠨᠡᠶᠢᠭᠡᠮᠯᠢᠭ ᠤᠨ ᠭᠡᠰᠢᠭᠦᠨ ᠪᠤᠶᠠᠨᠲᠤᠭᠲᠠᠬᠤ ᠶᠢ ᠤᠷᠢᠵᠤ᠂ ︽ᠬᠡᠦᠬᠡᠳ ᠤᠨ ᠨᠠᠶᠢᠵᠠ ᠪᠣᠯᠬᠤ︾ ᠪᠠᠷ ᠭᠤᠣᠯ | ᠰᠡᠳᠦᠪ ᠪᠣᠯᠭᠠᠵᠤ᠂ ᠬᠡᠦᠬᠡᠳ ᠲᠠᠢ ᠢᠲᠡᠭᠡᠬᠦ ᠬᠠᠷᠢᠴᠠᠭ᠎ᠠ ᠶᠢ ᠬᠡᠷᠬᠢᠨ ᠪᠠᠶᠢᠭᠤᠯᠵᠤ᠂ ᠡᠴᠢᠭᠡ ᠡᠬᠡ ᠦᠷ᠎ᠡ | ᠬᠡᠦᠬᠡᠳ ᠤᠨ ᠡᠶ᠎ᠡ ᠵᠣᠬᠢᠴᠠᠩᠭᠤᠢ ᠬᠠᠷᠢᠴᠠᠭ᠎ᠠ ᠶᠢ ᠪᠤᠢ ᠪᠣᠯᠭᠠᠵᠤ᠂ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ᠂ | ᠨᠡᠶᠢᠭᠡᠮ ᠤᠨ ᠬᠠᠷᠢᠯᠴᠠᠭᠠᠨ ᠤ ᠴᠢᠳᠠᠪᠤᠷᠢ ᠵᠢᠴᠢ ᠰᠤᠷᠤᠯᠭ᠎ᠠ ᠶᠢᠨ ᠠᠮᠵᠢᠯᠲᠠ ᠪᠦᠲᠦᠮᠵᠢ ᠶᠢ ᠳᠡᠭᠡᠭᠰᠢᠯᠡᠭᠦᠯᠬᠦ ᠲᠤᠬᠠᠢ | ᠰᠠᠨᠠᠯ ᠢᠶᠠᠨ ᠰᠣᠯᠢᠯᠴᠠᠨ ᠶᠠᠷᠢᠯᠴᠠᠪᠠ᠃ ᠠᠮᠢᠳᠤᠯᠢᠭ ᠬᠡᠷᠡᠭ ᠤᠨ ᠵᠢᠱᠢᠶ᠎ᠡ ᠪᠠ ᠶᠠᠷᠢᠯᠴᠠᠬᠤ ᠪᠠᠷ ᠳᠠᠮᠵᠢᠭᠤᠯᠤᠨ᠂ | ᠬᠡᠷ ᠤᠨ ᠠᠬᠠᠮᠠᠳ ᠲᠤ ᠬᠡᠷ ᠪᠦᠯᠢ ᠶᠢᠨ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠭᠦᠨᠵᠡᠭᠡᠶ ᠣᠶᠢᠯᠠᠭᠠᠭᠤᠯᠵᠤ᠂ | ᠬᠡᠷ ᠤᠨ ᠠᠬᠠᠮᠠᠳ ᠲᠤ ᠬᠠᠪᠰᠤᠷᠤᠨ ᠵᠥᠪ ᠭᠡᠷ ᠪᠦᠯᠢ ᠶᠢᠨ ᠰᠤᠷᠭᠠᠨ ᠬᠥᠮᠦᠵᠢᠯ ᠤᠨ ᠤᠬᠠᠭᠳᠠᠬᠤᠨ ᠢ ᠪᠣᠶ | ᠪᠣᠯᠭᠠᠭᠰᠠᠨ ᠪᠠᠶᠢᠨ᠎ᠠ᠃ | ᠣᠯᠠᠨ ᠢᠶᠠᠷ ᠢᠶᠠᠨ᠂ ᠭᠡᠷ ᠪᠦᠯᠢ ᠶᠢᠨ ᠬᠥᠮᠦᠵᠢᠯ ᠪᠣᠯ ᠭᠡᠷ ᠪᠦᠯᠢ ᠨᠢᠭᠡᠪᠦᠷᠢ ᠶᠢᠨ ᠵᠠᠪᠠᠯ ᠰᠤᠷᠬᠤ ᠬᠢᠴᠢᠶᠡᠯ | ᠮᠥᠨ᠃ ᠭᠡᠷ ᠤᠨ ᠠᠬᠠᠮᠠᠳ᠂ ᠬᠡᠦᠬᠡᠳ ᠤᠨ ᠬᠠᠶᠢᠷ᠎ᠠ ᠰᠡᠳᠬᠢᠯᠭᠡ ᠶᠢᠨ ᠬᠡᠷᠡᠭᠴᠡᠭᠡ ᠶᠢ ᠨᠠᠩ ᠰᠠᠶᠢᠲᠤᠷ ᠠᠩᠬᠠᠷᠴᠤ᠂ | ᠬᠡᠤᠬᠡᠳ ᠲᠤ ᠨᠠᠩ ᠣᠯᠠᠨ ᠳᠡᠮᠵᠢᠯᠭᠡ ᠪᠠ ᠵᠣᠷᠢᠭᠵᠢᠭᠤᠯᠤᠯ ᠥᠭᠴᠦ᠂ ᠬᠡᠤᠬᠡᠳ ᠲᠤ ᠬᠠᠶᠢᠷ᠎ᠠ ᠢᠲᠡᠭᠡᠯ ᠢᠶᠠᠷ | ᠪᠢᠯᠬᠠᠮ᠎ᠠ ᠦᠰᠦᠨ ᠪᠤᠶᠢᠵᠢᠬᠤ ᠣᠷᠴᠢᠨ ᠲᠣᠭᠤᠷᠢᠨ ᠢ ᠪᠣᠶ ᠪᠣᠯᠭᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠵᠡᠭᠡᠪᠡ᠃ | |