3 ᠳ᠋ᠤᠭᠠᠷ ᠰᠠᠷ᠎ᠠ ᠶᠢᠨ 26 ᠤ ᠡᠳᠦᠷ᠂ ᠬᠤᠰᠢᠭᠤ ᠤᠯᠠᠭᠠᠨᠮᠥ᠋ᠴᠢᠷ ᠤᠨ 2025 ᠣᠨ ᠤ ᠬᠠᠪᠤᠷ ᠤᠨ | ᠤᠯᠠᠷᠢᠯ ᠤᠨ ᠪᠣᠯᠪᠠᠰᠤᠷᠠᠯ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠤᠯᠠᠭᠠᠨᠮᠥ᠋ᠴᠢᠷ ᠤᠨ ᠪᠣᠯᠪᠠᠰᠤᠷᠠᠯ ᠤᠨ | ᠲᠢᠩᠬᠢᠮ ᠳᠤ ᠶᠠᠪᠤᠭᠳᠠᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠠᠯᠳᠠᠨᠬᠤᠶᠠᠭ | ᠲᠣᠭᠯᠠᠯᠲᠠ ᠶᠢ ᠰᠣᠨᠢᠷᠬᠠᠪᠠ᠃ | | ᠬᠠᠷᠢᠭᠤ ᠮᠡᠳᠡᠭᠦᠯᠦᠯᠲᠡ ᠶᠢᠨ ᠲᠣᠭᠯᠠᠯᠲᠠ ᠳᠤᠮᠳᠠ᠂ ᠤᠯᠠᠭᠠᠨᠮᠥ᠋ᠴᠢᠷ ᠤᠨ ᠭᠡᠰᠢᠭᠦᠳ ᠣᠷᠭᠢᠯᠤᠮ᠎ᠠ ᠬᠠᠯᠠᠭᠤᠨ | ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠪᠥᠵᠢᠭ ᠤᠨ ᠦᠨᠳᠦᠰᠦᠨ ᠴᠢᠳᠠᠪᠤᠷᠢ᠂ ᠨᠠᠶᠢᠷᠠᠯ ᠳᠠᠭᠤᠤ ᠵᠡᠷᠭᠡ | ᠣᠯᠠᠨ ᠲᠠᠯ᠎ᠠ ᠶᠢᠨ ᠪᠣᠯᠪᠠᠰᠤᠷᠠᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ ᠪᠦᠵᠢᠭ ᠤᠨ ᠦᠨᠳᠦᠰᠦᠨ | ᠴᠢᠳᠠᠪᠤᠷᠢ ᠶᠢᠨ ᠦᠵᠡᠬᠦᠯᠦᠯᠭᠡ ᠨᠢ ᠬᠦᠳᠡᠯᠭᠡᠭᠡᠨ ᠪᠦᠭᠦᠨ ᠨᠢ ᠭᠦᠢᠴᠡᠳ᠂ ᠢᠳᠡ ᠬᠦᠴᠤ ᠲᠠᠢ ᠪᠠᠶᠢᠬᠤ ᠶᠢ | ᠢᠯᠡᠷᠡᠬᠦᠯᠵᠤ᠂ ᠬᠦᠭᠵᠢᠮ ᠪᠠ ᠳᠠᠭᠤᠤ ᠵᠤᠬᠢᠴᠠᠭᠤᠯᠬᠤ ᠳᠤ᠂ ᠮᠤᠷᠢᠨ ᠬᠤᠭᠤᠷ ᠵᠡᠷᠭᠡ ᠮᠤᠩᠭᠤᠯ ᠦᠨᠳᠦᠰᠦᠳᠡᠨ ᠤ | ᠤᠯᠠᠮᠵᠢᠯᠠᠯᠳᠤ ᠬᠦᠭᠵᠢᠮᠳᠡᠬᠦᠷ ᠪᠠᠷ ᠬᠠᠷᠢᠯᠴᠠᠨ ᠰᠤᠯᠪᠢᠴᠠᠵᠤ᠂ ᠢᠷᠠᠭᠤ ᠰᠠᠶᠢᠬᠠᠨ ᠬᠦᠭ ᠠᠶᠠᠰ ᠢ | ᠴᠤᠤᠷᠢᠶᠠᠳᠤᠭᠤᠯᠵᠤ᠂ ᠬᠦᠭᠵᠢᠮ ᠦᠭᠡᠢ ᠨᠠᠶᠢᠷᠠᠯ ᠲᠠᠭᠤᠤ ᠶᠢᠨ ᠲᠤᠭᠯᠠᠯᠲᠠ ᠨᠢ᠂ ᠴᠡᠪᠡᠷ ᠲᠤᠩᠭᠠᠯᠠᠭ | ᠬᠤᠭᠤᠯᠠᠢ ᠪᠠᠷ ᠨᠠᠶᠢᠷᠠᠯ ᠲᠠᠭᠤᠤ ᠶᠢᠨ ᠦᠪᠡᠷᠮᠢᠴᠡ ᠷᠢᠳᠢ ᠰᠢᠳᠢ ᠶᠢ ᠢᠯᠡᠷᠡᠬᠦᠯᠦᠭᠰᠡᠨ ᠪᠠᠶᠢᠨ᠎ᠠ᠃ | | | | ᠣᠶᠢᠯᠠᠭᠠᠭᠰᠠᠨ ᠢᠶᠠᠷ᠂ ᠬᠠᠪᠤᠷ ᠤᠨ ᠪᠣᠯᠪᠠᠰᠤᠷᠠᠯ ᠳᠤ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠤᠨ ᠶᠢᠨ ᠬᠠᠶ ︵金海︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠭᠤᠳ | ᠬᠠᠷᠢᠶ᠎ᠠ ᠤᠯᠠᠭᠠᠨᠮᠥ᠋ᠴᠢᠷ ᠤᠨ ᠵᠢᠷᠭᠠᠯ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠮᠣᠩᠭᠤᠯ ᠬᠡᠯᠡᠨ ᠤ ᠰᠣᠶᠣᠯ ᠬᠢᠭᠡᠳ ᠤᠷᠠᠯᠢᠭ ᠤᠨ ᠳᠡᠭᠡᠳᠦ ᠰᠤᠷᠭᠠᠭᠤᠯᠢ ᠶᠢᠨ ᠪᠠᠶᠠᠨᠨᠠᠮᠤᠷ ᠪᠠᠭᠰᠢ ᠶᠢ ᠤᠷᠢᠵᠤ᠂ | ᠨᠠᠶᠢᠷᠠᠯ ᠲᠠᠭᠤᠤ᠂ ᠪᠥᠵᠢᠭ ᠤᠨ ᠦᠨᠳᠦᠰᠦᠨ ᠪᠣᠯᠪᠠᠰᠤᠷᠠᠯ᠂ ᠮᠣᠩᠭᠤᠯ ᠪᠥᠵᠢᠭ᠂ ᠠᠷᠠᠳ ᠤᠨ ᠪᠥᠵᠢᠭ᠂ | ᠬᠥᠭᠵᠢᠮ ᠤᠨ ᠠᠩᠭᠢ ᠶᠢᠨ ᠪᠠᠭᠠᠵᠢ ᠲᠣᠬᠢᠷᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠶ ᠮᠡᠷᠭᠡᠵᠢᠯ ᠤᠨ | ᠵᠢᠯᠣᠭᠤᠳᠣᠯᠭ᠎ᠠ ᠪᠠ ᠪᠣᠯᠪᠠᠰᠤᠷᠠᠯ ᠬᠢᠯᠭᠡᠵᠦ᠂ ᠬᠠᠪᠤᠷ ᠤᠨ ᠤᠯᠠᠷᠢᠯ ᠤᠨ ᠪᠤᠯᠪᠠᠰᠤᠷᠠᠯ ᠨᠢ ᠬᠦᠭᠵᠢᠮ 15 ᠡᠳᠦᠷ᠂ | ᠪᠦᠵᠢᠭ 35 ᠡᠳᠦᠷ ᠪᠠᠷ ᠪᠤᠯᠪᠠᠰᠤᠷᠠᠯ ᠶᠠᠪᠤᠭᠳᠠᠭᠰᠠᠨ ᠪᠠᠶᠢᠨ᠎ᠠ᠃ | |