ᠮᠠᠨ ᠤ ᠠᠶᠢᠮᠠᠭ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠠᠵᠢᠯ ᠢ ᠡᠷᠴᠢᠮᠳᠡᠢ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2025/4/2
   ᠲᠤᠰ ᠰᠤᠨᠢᠨ ᠤ ᠮᠡᠳᠡᠭᠡ ︵ᠰᠤᠷᠪᠤᠯᠵᠢᠯᠠᠭᠴᠢ ᠤᠶᠠᠩᠭ᠎ᠠ︶ ᠡᠨᠡ ᠵᠢᠯ᠂ ᠮᠠᠨ ᠤ ᠠᠶᠢᠮᠠᠭ ᠡᠷᠳᠡ ᠠᠴᠠ ᠬᠦᠳᠡᠯᠦᠯᠴᠡᠨ᠂ ᠴᠠᠭ ᠠᠭᠤᠷ ᠪᠤᠯᠤᠨ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠡᠭᠦᠰᠴᠤ ᠮᠡᠳᠡᠬᠦ ᠪᠠᠶᠢᠳᠠᠯ ᠢ ᠪᠦᠬᠦ ᠲᠠᠯ᠎ᠠ ᠠᠴᠠ ᠤᠯᠠᠨ ᠲᠠᠪᠬᠤᠷᠭ᠎ᠠ ᠠᠴᠠ ᠵᠦᠪ ᠤᠨᠤᠪᠴᠢᠳᠠᠢ ᠵᠠᠳᠠᠯᠤᠨ ᠤᠶᠢᠯᠠᠭᠠᠵᠤ᠂ ᠪᠤᠳᠠᠳᠤ ᠪᠠᠶᠢᠳᠠᠯ ᠢᠶᠠᠨ ᠦᠨᠳᠦᠰᠦᠯᠡᠨ ᠵᠦᠢ ᠵᠤᠬᠢᠰᠳᠠᠢ ᠪᠠᠶᠢᠷᠢᠯᠠᠭᠤᠯᠵᠤ᠂ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠬᠦᠯᠤᠨ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠥ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠲᠡᠭᠡᠭᠰᠢᠯᠡᠬᠦᠯᠦᠨ᠂ ᠤᠢ ᠰᠢᠭᠤᠢ ᠪᠤᠯᠤᠨ ᠨᠤᠳᠤᠭ ᠪᠡᠯᠴᠢᠭᠡᠷ ᠤᠨ ᠡᠬᠢ ᠪᠠᠶᠠᠯᠢᠭ ᠵᠢᠴᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠵᠤ ᠪᠠᠶᠢᠨ᠎ᠠ᠃    ᠬᠠᠪᠤᠷ ᠠᠴᠠ ᠨᠠᠭᠠᠰᠢ᠂ ᠮᠠᠨ ᠤ ᠠᠶᠢᠮᠠᠭ ᠤᠨ ᠠᠭᠠᠷ ᠤᠨ ᠲᠤᠯᠠᠭᠠᠨ ᠦᠷᠬᠦᠯᠵᠢᠯᠡᠨ ᠲᠡᠭᠡᠭᠰᠢᠯᠡᠵᠤ᠂ ᠶᠡᠬᠡᠩᠬᠢ ᠭᠠᠵᠠᠷ ᠤᠷᠤᠨ ᠶᠡᠷᠦᠩᠬᠡᠢ ᠳᠡᠭᠡᠨ ᠬᠤᠷ᠎ᠠ ᠲᠤᠨᠳᠠᠰᠦ ᠴᠦᠭᠡᠨ᠂ ᠭᠠᠯ ᠲᠦᠢᠮᠡᠷ ᠡᠭᠦᠰᠬᠦ ᠨᠤᠷᠮ᠎ᠠ ᠦᠨᠳᠦᠷ᠂ ᠭᠠᠯ ᠰᠡᠷᠭᠡᠶᠢᠯᠡᠬᠦ ᠶᠡᠷᠦᠩᠬᠡᠢ ᠪᠠᠶᠢᠳᠠᠯ ᠨᠡᠯᠢᠶᠡᠳ ᠬᠡᠴᠡᠭᠦᠦ ᠪᠠᠶᠢᠯ᠎ᠠ᠃ ᠠᠶᠢᠮᠠᠭ ᠤᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠳᠠᠷᠠᠭᠠᠬᠤ ᠵᠢᠯᠣᠭᠤᠳᠬᠤ ᠲᠦᠪ ᠭᠠᠯ ᠲᠦᠢᠮᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠯ᠎ᠡ ᠭᠡᠰᠢᠬᠦᠨ ᠨᠢᠭᠡᠴᠢ ᠶᠢ ᠵᠣᠬᠢᠶᠠᠨ ᠪᠠᠶᠢᠭᠤᠯᠤᠨ ᠭᠠᠯ ᠲᠦᠢᠮᠡᠷ ᠢ ᠰᠡᠷᠭᠡᠶᠢᠯᠡᠬᠦ ᠠᠵᠢᠯ ᠤᠨ ᠪᠤᠳᠠᠳᠤ ᠪᠠᠶᠢᠳᠠᠯ ᠳᠤ ᠭᠦᠨᠵᠡᠭᠡᠢ ᠵᠠᠳᠠᠯᠤᠯᠳᠠ ᠬᠢᠵᠤ᠂ ᠥᠩᠭᠡᠷᠡᠭᠰᠡᠨ ᠵᠢᠯ ᠤᠳ ᠤᠨ ᠭᠠᠯ ᠤᠨ ᠠᠶᠤᠯ ᠤᠨ ᠤᠨᠴᠠᠯᠢᠭ᠂ ᠠᠭᠤᠷ ᠠᠮᠢᠰᠬᠤᠯ ᠤᠨ ᠨᠥᠬᠦᠴᠡᠯ ᠤᠨ ᠬᠤᠪᠢᠷᠠᠯᠲᠠ ᠵᠢᠴᠢ ᠣᠢ ᠰᠢᠭᠤᠢ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠵᠡᠷᠭᠡ ᠲᠠᠢ ᠤᠶᠠᠯᠳᠤᠭᠤᠯᠤᠨ᠂ ᠭᠠᠯ ᠰᠡᠷᠭᠡᠶᠢᠯᠡᠬᠦ ᠠᠵᠢᠯ ᠤᠨ ᠨᠠᠷᠢᠨ ᠲᠥᠰᠦᠯ ᠲᠣᠭᠲᠠᠭᠠᠵᠤ᠂ 3 ᠰᠠᠷ᠎ᠠ ᠶᠢᠨ 5 ᠤ ᠡᠳᠦᠷ ᠪᠦᠬᠦ ᠲᠠᠯ᠎ᠠ ᠪᠠᠷ ᠬᠠᠪᠤᠷ ᠤᠨ ᠤᠯᠠᠷᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠬᠤᠭᠤᠴᠠᠭᠠᠨ ᠳᠤ ᠤᠷᠤᠭᠰᠠᠨ ᠪᠦᠭᠡᠳ ᠡᠯ᠎ᠡ ᠱᠠᠲᠤᠨ ᠤ ᠠᠵᠢᠯ ᠤᠨ ᠭᠤᠣᠯᠳᠠᠯᠭ᠎ᠠ ᠪᠣᠯᠤᠨ ᠡᠭᠦᠷᠭᠡ ᠶᠢᠨ ᠬᠤᠪᠢᠶᠠᠷᠢᠯᠠᠯ ᠢ ᠲᠣᠳᠣᠷᠬᠠᠶᠢᠯᠠᠨ᠂ ᠭᠠᠯ ᠲᠦᠢᠮᠡᠷ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠦᠷ᠎ᠠ ᠪᠦᠲᠦᠮᠵᠢᠲᠡᠢ ᠨᠠᠶᠢᠳᠠᠪᠤᠷᠢᠵᠢᠭᠤᠯᠵᠠᠢ᠃    ᠪᠦᠬᠦ ᠠᠶᠢᠮᠠᠭ ᠤᠨ ᠡᠯ᠎ᠡ ᠭᠠᠵᠠᠷ ᠤᠬᠠᠭᠤᠯᠭ᠎ᠠ ᠶᠢᠨ ᠬᠡᠯᠪᠡᠷᠢ ᠪᠠᠨ ᠪᠠᠶᠠᠯᠢᠭᠵᠢᠭᠤᠯᠵᠤ᠂ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠢ ᠤᠶᠠᠯᠳᠤᠭᠤᠯᠤᠨ᠂ ︽2025 ᠤᠨ ᠤ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠦᠷᠨᠢᠬᠦᠯᠬᠦ ᠲᠤᠬᠠᠢ ᠮᠡᠳᠡᠭᠳᠡᠯ︾ ᠲᠠᠷᠬᠠᠭᠠᠵᠤ᠂ ᠴᠢᠮᠡᠭᠡ ᠬᠤᠯᠪᠤᠭᠠᠨ ᠤ ᠠᠵᠤ ᠠᠬᠤᠶᠢᠯᠠᠯ ᠲᠠᠢ ︽ᠭᠠᠯ ᠰᠡᠷᠭᠡᠶᠢᠯᠡᠬᠦ ᠤᠬᠠᠭᠤᠯᠭ᠎ᠠ ᠶᠢᠨ ᠭᠡᠷ᠎ᠡ︾ ᠲᠤᠭᠳᠠᠵᠤ᠂ ᠲᠧᠯᠸᠢᠰ᠂ ᠷᠠᠳᠢᠣ᠋ ᠨᠡᠪᠲᠡᠷᠡᠭᠦᠯᠭᠡ᠂ ᠭᠠᠷ ᠤᠲᠠᠰᠤᠨ ᠤ ᠣᠬᠤᠷ ᠮᠡᠳᠡᠭᠡ ᠶᠠᠪᠤᠭᠤᠯᠬᠤ ᠵᠡᠷᠭᠡ ᠬᠡᠯᠪᠡᠷᠢ ᠪᠠᠷ ᠠᠷᠠᠳ ᠣᠯᠠᠨ ᠳᠤ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠶᠢ ᠤᠬᠠᠭᠤᠯᠦᠨ᠂ ᠡᠯ᠎ᠡ ᠱᠠᠲᠤᠨ ᠤ ᠬᠤᠯᠪᠤᠬᠳᠠᠯ ᠪᠦᠬᠦᠢ ᠪᠠᠶᠢᠭᠤᠯᠭ᠎ᠠ ᠨᠢᠭᠡᠴᠢ ᠶᠢᠨ ᠠᠵᠢᠯᠳᠠᠳ ᠵᠡᠭᠡᠯᠢ ᠭᠤᠳᠤᠮᠵᠢ᠂ ᠰᠤᠷᠭᠠᠭᠤᠯᠢ᠂ ᠮᠠᠯᠵᠢᠬᠤ ᠣᠷᠣᠨ ᠳᠤ ᠭᠦᠨᠵᠡᠭᠡᠶᠢᠷᠡᠨ ᠣᠯᠠᠨ ᠵᠦᠢᠯ ᠤᠨ ᠬᠡᠯᠪᠡᠷᠢ ᠪᠠᠷ ᠭᠠᠯ ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ᠃ ᠤᠳᠤᠬᠠᠨ ᠪᠤᠯᠳᠠᠯ᠎ᠠ᠂ ᠪᠦᠬᠦ ᠠᠶᠢᠮᠠᠭ ᠢᠶᠠᠷ ᠢᠶᠠᠨ 10 ᠲᠦᠮᠡᠨ ᠬᠤᠪᠢ ︽ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠶᠢᠨ ᠺᠠᠷᠲ︾ ᠲᠠᠷᠤᠮᠠᠯᠯᠠᠨ᠂ ᠵᠠᠰᠠᠮᠠᠯ ᠵᠠᠮ ᠤᠨ ᠰᠦᠢᠳᠬᠡᠯ ᠬᠤᠷᠢᠶᠠᠬᠤ ᠦᠷᠳᠡᠭᠡ᠂ ᠲᠡᠷᠭᠡᠨ ᠦᠷᠳᠡᠭᠡ ᠪᠤᠯᠤᠨ ᠨᠢᠰᠬᠡᠯ ᠤᠨ ᠪᠠᠭᠤᠳᠠᠯ ᠵᠡᠷᠭᠡ ᠬᠦᠮᠦᠨ ᠤᠯᠠᠨ ᠭᠠᠵᠠᠷ ᠢᠶᠠᠷ ᠲᠠᠷᠬᠠᠭᠠᠵᠤ᠂ ᠰᠡᠷᠡᠮᠵᠢᠯᠡᠭᠦᠯᠬᠦ ᠳᠤᠭ ᠳᠡᠮᠳᠡᠭ᠂ ᠫᠠᠶᠢᠰᠠ ᠢᠯᠡᠷᠬᠡᠶᠢᠯᠡᠯ ᠢ ᠰᠢᠨᠡᠳᠬᠡᠨ ᠵᠠᠰᠠᠵᠤ᠂ ᠪᠦᠬᠦ ᠠᠷᠠᠳ ᠢᠶᠠᠷ ᠢᠶᠠᠨ ᠭᠠᠯ ᠲᠦᠢᠮᠡᠷ ᠢ ᠰᠡᠷᠭᠡᠶᠢᠯᠡᠬᠦ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠤᠯᠭᠠᠵᠠᠢ᠃    ᠭᠠᠯ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠠᠪᠤᠨ ᠱᠠᠲᠤᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠵᠤ᠂ ᠰᠤᠮᠤ ᠰᠢᠶᠠᠩ ᠪᠠᠯᠭᠠᠰᠤᠨ ᠳᠤ ᠲᠤᠰᠬᠠᠢ ᠬᠥᠮᠦᠨ ᠬᠠᠷᠢᠭᠤᠴᠠᠬᠤ ᠳᠦᠷᠢᠮ ᠪᠠᠶᠢᠭᠤᠯᠤᠨ᠂ ᠰᠤᠮᠤ ᠰᠢᠶᠠᠩ ᠪᠠᠯᠭᠠᠰᠤ ᠶᠢᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠬᠦᠴᠦᠨ ᠢ ᠦᠨᠡᠨ ᠬᠦ ᠴᠢᠩᠭᠠᠳᠬᠠᠵᠠᠢ᠃ ᠤᠢ ᠰᠢᠭᠤᠢ ᠨᠤᠳᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠲᠤᠤᠷ 1113 ᠶᠢ ᠪᠠᠶᠢᠭᠤᠯᠵᠤ᠂ 535 ᠨᠤᠳᠤᠭ ᠪᠡᠯᠴᠢᠭᠡᠷ ᠤᠨ ᠬᠠᠮᠢᠶᠠᠷᠤᠭᠴᠢ᠂ 1796 ᠤᠢ ᠰᠢᠭᠤᠢ ᠶᠢᠨ ᠬᠠᠮᠢᠶᠠᠷᠤᠭᠴᠢ ᠪᠤᠯᠤᠨ 129 ᠤᠷᠢᠵᠤ ᠬᠡᠷᠡᠭᠯᠡᠭᠰᠡᠨ ᠠᠵᠢᠯᠳᠠᠨ ᠪᠦᠬᠦᠨ ᠢᠶᠠᠷ ᠢᠶᠠᠨ ᠠᠵᠢᠯ ᠤᠨ ᠪᠠᠶᠢᠷᠢ ᠪᠠᠨ ᠰᠠᠬᠢᠵᠤ ᠪᠠᠶᠢᠨ᠎ᠠ᠃    ᠮᠠᠨ ᠤ ᠠᠶᠢᠮᠠᠭ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠬᠦᠨᠳᠦ ᠶᠡᠭᠡ ᠭᠡᠮ ᠰᠤᠭᠤᠭ ᠢ ᠪᠠᠶᠢᠴᠠᠭᠠᠨ ᠰᠶᠢᠳᠪᠦᠷᠢᠯᠡᠬᠦ ᠪᠠ ᠲᠣᠭᠲᠠᠭᠠᠯ᠎ᠠ ᠴᠠ ᠵᠥᠷᠢᠴᠡᠨ ᠭᠠᠯ ᠬᠡᠷᠡᠭᠯᠡᠬᠦ ᠠᠵᠢᠯᠯᠠᠭ᠎ᠠ ᠶᠢ ᠪᠠᠶᠢᠴᠠᠭᠠᠨ ᠰᠶᠢᠳᠪᠦᠷᠢᠯᠡᠬᠦ ᠲᠤᠰᠬᠠᠢ ᠲᠥᠷᠥᠯ ᠤᠨ ᠠᠵᠢᠯᠯᠠᠭ᠎ᠠ ᠶᠢ ᠪᠠᠶᠢᠩᠭᠤᠵᠢᠭᠤᠯᠵᠤ᠂ ᠭᠡᠮ ᠰᠤᠭᠤᠭ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠭᠠᠯ ᠤᠨ ᠠᠶᠤᠯ ᠢ ᠡᠬᠢ ᠢᠷᠡᠯᠳᠡ ᠠᠴᠠ ᠨᠢ ᠰᠡᠷᠭᠡᠶᠢᠯᠡᠵᠦ ᠪᠤᠢ᠃ ᠤᠳᠤᠬᠠᠨ ᠪᠤᠯᠳᠠᠯ᠎ᠠ᠂ 291 ᠬᠤᠪᠢ ᠬᠠᠷᠢᠭᠤᠴᠠᠯᠭ᠎ᠠ ᠶᠢᠨ ᠪᠢᠴᠢᠭ ᠲᠤᠭᠳᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠤᠷᠤᠨ︶ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠥᠪᠰᠢᠶᠡᠷᠡᠯ ᠢ ᠰᠦᠯᠵᠢᠶᠡᠨ ᠳᠡᠭᠡᠷ᠎ᠡ ᠭᠤᠶᠤᠴᠢᠯᠠᠨ ᠭᠦᠢᠴᠡᠳᠬᠡᠵᠦ᠂ ᠲᠣᠭᠲᠠᠭᠠᠯ᠎ᠠ ᠴᠠ ᠵᠥᠷᠢᠴᠡᠨ ᠭᠡᠭᠡᠷ᠎ᠠ ᠭᠠᠳᠠᠨ᠎ᠠ ᠭᠠᠯ ᠬᠡᠷᠡᠭᠯᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠲᠣᠭᠲᠠᠴᠠ ᠶᠢ ᠪᠠᠶᠢᠭᠤᠯᠵᠠᠢ᠃ 2023 ᠤᠨ ᠠᠴᠠ ᠨᠠᠭᠠᠰᠢ᠂ ᠮᠠᠨ ᠤ ᠠᠶᠢᠮᠠᠭ ᠤᠷᠢᠳ ᠬᠤᠵᠢᠳ 8000 ᠲᠦᠮᠡᠨ ᠲᠦᠭᠦᠷᠢᠭ ᠤᠨ ᠪᠡᠯᠡ ᠵᠠᠷᠤᠴᠠᠭᠤᠯᠤᠨ᠂ 17 ᠢᠵᠢ ᠭᠠᠯ ᠤᠨ ᠪᠠᠶᠢᠳᠠᠯ ᠢ ᠬᠢᠨᠠᠨ ᠡᠵᠡᠮᠳᠡᠬᠦ ᠰᠢᠰᠲ᠋ᠧᠮ ᠢ ᠰᠢᠨ᠎ᠡ ᠪᠠᠷ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠭᠠᠯ ᠰᠡᠷᠭᠡᠶᠢᠯᠡᠬᠦ ᠲᠡᠷᠭᠡ᠂ ᠰᠡᠷᠭᠡᠶᠢᠯᠡᠯᠳᠡ ᠶᠢᠨ ᠲᠦᠭᠦᠭᠡᠷᠦᠮᠵᠢ ᠵᠡᠷᠭᠡ ᠪᠠᠭᠠᠵᠢ ᠬᠡᠷᠡᠭᠰᠡᠯ ᠢ ᠪᠦᠷᠢᠨ ᠬᠦᠢᠴᠡᠳ ᠪᠡᠯᠡᠳᠭᠡᠪᠡ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号