ᠣᠶᠢᠷ᠎ᠠ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠠᠯᠵᠢᠬᠤ | ᠲᠠᠷᠢᠶᠠᠯᠠᠬᠤ ᠣᠷᠣᠨ ᠤ ᠬᠠᠭᠤᠷᠮᠠᠭ ᠮᠠᠭᠤ ᠢᠳᠡᠭᠡᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ | ᠴᠡᠭᠴᠡᠯᠡᠨ ᠵᠠᠰᠠᠬᠤ ᠠᠵᠢᠯᠯᠠᠭ᠎ᠠ ᠳᠤ ᠰᠤᠮᠤ ᠪᠠᠯᠭᠠᠰᠤᠨ ᠤ ᠵᠢᠵᠢᠭ ᠦᠢᠯᠡᠳᠬᠡᠯ ᠤᠨ ᠭᠠᠵᠠᠷ᠂ ᠵᠢᠵᠢᠭ | ᠳᠡᠯᠭᠡᠭᠦᠷ᠂ ᠵᠢᠵᠢᠭ ᠬᠤᠭᠤᠯᠠᠨ ᠬᠡᠷ᠂ ᠬᠠᠮᠲᠤ ᠶᠢᠨ ᠬᠤᠭᠤᠯᠠ ᠢᠳᠡᠬᠦ ᠨᠢᠭᠡᠴᠢ ᠵᠡᠷᠭᠡ ᠢᠳᠡᠭᠡᠨ ᠤ ᠦᠢᠯᠡᠳᠪᠦᠷᠢᠯᠡᠯ | ᠡᠵᠡᠩᠨᠡᠯᠲᠡ ᠶᠢᠨ ᠭᠤᠤᠯ ᠴᠣᠭᠴᠠ ᠵᠢᠴᠢ ᠮᠠᠯᠵᠢᠬᠤ ᠲᠠᠷᠢᠶᠠᠯᠠᠬᠤ ᠣᠷᠣᠨ ᠳᠤ ᠬᠠᠨᠳᠤᠭᠤᠯᠤᠭᠰᠠᠨ ᠢᠳᠡᠭᠡᠨ ᠤ | ᠪᠥᠭᠡᠮ ᠢᠶᠠᠷ ᠬᠤᠳᠠᠯᠳᠤᠬᠤ ᠡᠵᠡᠩᠨᠡᠭᠴᠢ ᠪᠠᠷ ᠭᠤᠤᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠪᠣᠯᠭᠠᠵᠤ᠂ ᠢᠳᠡᠭᠡᠨ | ᠤᠮᠳᠠᠭᠠᠨ᠂ ᠴᠠᠭᠠᠨ ᠢᠳᠡᠭᠡ᠂ ᠮᠢᠬ᠎ᠠ ᠵᠡᠷᠭᠡ ᠶᠢᠨ ᠲᠣᠭᠤᠷᠢᠨ ᠳᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠢᠳᠡᠭᠡᠨ ᠤ ᠵᠦᠢᠯ ᠤᠨ ᠲᠣᠭᠤᠷᠢᠨ ᠳᠤ | ᠪᠠᠶᠢᠴᠠᠭᠠᠯᠲᠠ ᠥᠷᠨᠢᠭᠦᠯᠪᠡ᠃ | ᠬᠠᠤᠯᠢ ᠬᠡᠷᠡᠭᠵᠢᠭᠦᠯᠬᠦ ᠠᠵᠢᠯᠲᠠᠤᠨ ᠡᠵᠡᠩᠨᠡᠯᠲᠡ ᠶᠢᠨ ᠭᠤᠤᠯ ᠴᠣᠭᠴᠠ ᠶᠢᠨ ᠬᠢᠷᠢ ᠬᠡᠮ᠂ ᠢᠳᠡᠭᠡᠨ | ᠬᠤᠳᠠᠯᠳᠤᠨ ᠠᠪᠴᠤ ᠬᠠᠳᠠᠭᠠᠯᠠᠬᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠭᠰᠠᠨ ᠲᠡᠮᠳᠡᠭᠯᠡᠯ᠂ ᠢᠳᠡᠭᠡᠨ ᠤ | ᠲᠡᠮᠳᠡᠭ ᠱᠣᠰᠢᠭ᠎ᠠ ᠶᠢᠨ ᠬᠠᠮᠢᠶᠠᠷᠤᠯᠲᠠ᠂ ᠡᠵᠡᠩᠨᠡᠯᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠵᠢᠴᠢ ᠢᠳᠡᠭᠡᠨ ᠤ | ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ | ᠪᠠᠶᠢᠴᠠᠭᠠᠵᠤ᠂ ᠦᠨᠡᠮᠯᠡᠯ ᠦᠭᠡᠶ ᠪᠠᠷ ᠡᠵᠡᠩᠨᠡᠬᠦ᠂ ᠴᠢᠨᠠᠷ ᠮᠠᠭᠤ ᠢᠳᠡᠭᠡᠨ ᠢ ᠪᠣᠷᠣᠯᠠᠭᠤᠯᠬᠤ᠂ ︽ᠭᠤᠷᠪᠠᠨ ᠦᠭᠡᠶ︾ | ᠢᠳᠡᠭᠡᠨ᠂ ︽ᠲᠠᠭᠤᠷᠢᠶᠠᠮᠠᠯ ᠬᠠᠭᠤᠷᠮᠠᠭ︾ ᠢᠳᠡᠭᠡᠨ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠵᠢᠴᠢ ᠬᠤᠳᠠᠯ | ᠬᠠᠭᠤᠷᠮᠠᠭ ᠤᠬᠠᠭᠤᠯᠭ᠎ᠠ ᠪᠠᠷ ᠳᠠᠮᠵᠢᠭᠤᠯᠤᠨ ᠬᠡᠷᠡᠭᠯᠡᠭᠡ ᠶᠢ ᠪᠤᠷᠤᠭᠤ ᠵᠢᠯᠣᠭᠤᠳᠬᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠬᠤ ᠶᠢᠨ ᠬᠠᠮᠲᠤ᠂ ᠢᠳᠡᠭᠡᠨ ᠤ ᠠᠮᠤᠷ ᠲᠦᠪᠰᠢᠨ ᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠱᠠᠯᠠᠪᠲᠠᠭᠤᠯᠵᠤ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠯᠲᠠ ᠬᠢᠵᠦ᠂ ᠬᠤᠭᠤᠴᠠᠭ᠎ᠠ ᠥᠩᠭᠡᠷᠡᠭᠰᠡᠨ ᠢᠳᠡᠭᠡᠨ᠂ ᠴᠢᠨᠠᠷ ᠬᠤᠪᠢᠷᠬᠠᠰᠠᠨ | ᠢᠳᠡᠭᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠠᠢ | ᠭᠡᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠮᠠᠯᠵᠢᠬᠤ ᠲᠠᠷᠢᠶᠠᠯᠠᠬᠤ ᠣᠷᠣᠨ ᠤ ᠬᠠᠭᠤᠷᠮᠠᠭ ᠮᠠᠭᠤ ᠢᠳᠡᠭᠡᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ | ᠠᠬᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠤᠯᠠᠮ | ᠴᠢᠩᠭᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠴᠢᠳ ᠤᠨ ︽ᠢᠳᠡᠭᠡᠨ ᠤᠮᠳᠠᠭᠠᠨ ᠤ ᠠᠮᠤᠷ | ᠲᠦᠪᠰᠢᠨ︾ ᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠪᠠᠷ ᠪᠠᠶᠢᠨ᠎ᠠ᠃ |