4 ᠳ᠋ᠤᠭᠠᠷ ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠥᠨᠢᠳ ᠵᠡᠭᠦᠨ | ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ | ᠬᠤᠷᠠᠯ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠡᠷᠬᠢᠯᠡᠭᠰᠡᠨ ᠠᠷᠪᠠᠨ ᠬᠤᠶᠠᠳᠤᠭᠠᠷ ᠬᠤᠭᠤᠴᠠᠭᠠᠨ ᠤ | ︽ᠤᠶᠠᠩᠭ᠎ᠠ ᠶᠢᠨ ᠽᠠᠨᠪᠤᠯᠢᠩ︾ ᠰᠢᠯᠦᠭ ᠤᠨ ᠤᠷᠤᠯᠳᠤᠭᠠᠨ ᠵᠢᠴᠢ ᠳᠣᠯᠣᠳᠤᠭᠠᠷ ᠬᠤᠭᠤᠴᠠᠭᠠᠨ ᠤ | ︽ᠨᠣᠮᠢᠨ ᠳᠡᠯᠡᠬᠡᠢ ᠶᠢᠨ ᠡᠵᠡᠳ︾ ᠪᠠᠭᠠᠴᠤᠳ ᠬᠡᠤᠬᠡᠳ ᠤᠨ ᠤᠷᠠᠯᠢᠭ ᠤᠨ ᠤᠷᠤᠯᠳᠤᠭᠠᠨ ᠰᠥᠨᠢᠳ | ᠮᠦᠽᠧᠶ ᠶᠢᠨ ᠬᠤᠷᠠᠯ ᠤᠨ ᠲᠥᠪ ᠲᠤ ᠶᠠᠪᠤᠭᠳᠠᠪᠠ᠃ | ᠲᠣᠰ ᠤᠳᠠᠭᠠᠨ ᠤ ᠤᠷᠤᠯᠳᠤᠭᠠᠨ ᠢ ᠨᠠᠰᠤ ᠵᠢᠴᠢ ᠰᠤᠷᠤᠯᠴᠠᠵᠦ ᠪᠠᠶᠢᠭ᠎ᠠ ᠣᠨ ᠶᠢ ᠦᠨᠳᠦᠰᠦᠯᠡᠨ᠂ | ᠬᠡᠤᠬᠡᠳ ᠤᠨ ᠴᠡᠴᠡᠷᠯᠢᠭ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠨᠢᠭᠡᠳᠦᠭᠡᠷ ᠬᠤᠶᠠᠳᠤᠭᠠᠷ ᠣᠨ ᠤ | ᠳᠤᠭᠤᠶᠢᠯᠠᠩ᠂ ᠪᠠᠭ᠎ᠠ ᠰᠤᠷᠭᠠᠭᠤᠯᠢ ᠶᠢᠨ ᠭᠤᠷᠪᠠ ᠳᠥᠷᠪᠡᠳᠦᠭᠡᠷ ᠣᠨ ᠤ ᠳᠤᠭᠤᠶᠢᠯᠠᠩ᠂ ᠪᠠᠭ᠎ᠠ ᠰᠤᠷᠭᠠᠭᠤᠯᠢ ᠶᠢᠨ | ᠲᠠᠪᠤ ᠵᠢᠷᠭᠤᠳᠤᠭᠠᠷ ᠣᠨ ᠤ ᠳᠤᠭᠤᠶᠢᠯᠠᠩ ᠵᠡᠷᠭᠡ ᠳᠥᠷᠪᠡᠨ ᠳᠤᠭᠤᠶᠢᠯᠠᠩ ᠬᠤᠪᠢᠶᠡᠨ ᠶᠠᠪᠤᠭᠳᠠᠭᠤᠯᠪᠡ᠃ | ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠪᠢᠴᠢᠬᠠᠨ ᠣᠷᠣᠯᠴᠠᠭᠴᠢ ᠨᠠᠷ ᠴᠤᠭ ᠵᠢᠪᠬᠤᠭ᠎ᠠ ᠪᠠᠳᠠᠷᠠᠩᠭᠤᠶ᠂ | ᠢᠲᠡᠭᠡᠯ ᠲᠡᠭᠦᠯᠲᠠᠷ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠡᠬᠡ ᠤᠯᠤᠰ ᠤᠨ ᠢᠶᠠᠨ ᠰᠢᠨ᠎ᠡ ᠴᠠᠭ ᠦᠶ᠎ᠡ ᠳᠠᠬᠢ | ᠭᠡᠷᠡᠯ ᠰᠠᠴᠤᠷᠠᠩᠭᠤᠢ ᠠᠮᠵᠢᠯᠲᠠ ᠶᠢ ᠮᠠᠭᠲᠠᠨ ᠳᠠᠭᠤᠯᠠᠵᠤ᠂ ᠡᠬᠡ ᠤᠯᠤᠰ ᠪᠠᠨ ᠬᠠᠶᠢᠷᠠᠯᠠᠬᠤ ᠰᠡᠳᠬᠢᠯᠭᠡ ᠪᠠᠨ | ᠢᠯᠡᠳᠬᠡᠨ᠂ ᠦᠪᠡᠷ ᠤᠨ ᠰᠢᠯᠦᠭ ᠳᠠᠭᠤᠤ ᠤᠷᠠᠯᠢᠭ ᠤᠨ ᠲᠤᠬᠠᠶ ᠭᠦᠨᠵᠡᠭᠡᠶ ᠣᠶᠢᠯᠠᠭᠠᠯᠲᠠ ᠪᠠ ᠬᠠᠶᠢᠷ᠎ᠠ | ᠰᠡᠳᠬᠢᠯᠭᠡ ᠶᠢ ᠠᠮᠢᠳᠤᠯᠢᠭ ᠢᠶᠠᠷ ᠢᠯᠡᠷᠬᠡᠶᠢᠯᠡᠵᠦ᠂ ᠰᠢᠨ᠎ᠡ ᠴᠠᠭ ᠦᠶ᠎ᠡ ᠶᠢᠨ ᠬᠡᠦᠬᠡᠳ ᠤᠨ ᠥᠷᠨᠢᠭᠦᠨ ᠪᠠᠳᠠᠷᠠᠩᠭᠤᠶ | ᠤᠳᠬ᠎ᠠ ᠵᠣᠬᠢᠶᠠᠯ ᠤᠨ ᠪᠦᠲᠦᠭᠡᠯᠴᠢ ᠬᠦᠴᠦᠨ ᠪᠠ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ | ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃ | ᠠᠵᠢᠯᠯᠠᠭ᠎ᠠ ᠨᠢ ᠪᠠᠰᠠ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠭᠴᠢ ᠪᠠᠭᠰᠢ ᠶᠢ ᠤᠷᠢᠵᠤ | ᠭᠡᠷ ᠪᠦᠯᠢ ᠶᠢᠨ ᠰᠤᠷᠭᠠᠨ ᠬᠥᠮᠦᠵᠢᠯ᠂ ᠬᠡᠦᠬᠡᠳ ᠤᠨ ᠠᠩᠬᠠᠷᠤᠯ ᠢ ᠳᠡᠭᠡᠭᠰᠢᠯᠡᠭᠦᠯᠬᠦ ᠵᠡᠷᠭᠡ ᠠᠭᠤᠯᠭ᠎ᠠ ᠶᠢᠨ | ᠲᠣᠭᠤᠷᠢᠨ ᠳᠤ ᠪᠣᠯᠪᠠᠰᠤᠷᠠᠯ ᠥᠷᠨᠢᠭᠦᠯᠵᠦ᠂ ᠭᠡᠷ ᠤᠨ ᠠᠬᠠᠮᠠᠳ ᠪᠣᠯᠤᠨ ᠬᠡᠦᠬᠡᠳ ᠤᠳ ᠲᠤ ᠡᠷᠬᠢᠮ ᠨᠠᠨᠳᠢᠨ | ᠰᠤᠷᠤᠯᠴᠠᠯᠭ᠎ᠠ ᠪᠠ ᠰᠣᠯᠢᠯᠴᠠᠭᠠᠨ ᠤ ᠲᠣᠬᠢᠶᠠᠯ ᠬᠠᠩᠭᠠᠵᠤ᠂ ᠬᠡᠦᠬᠡᠳ ᠤᠨ ᠪᠦᠬᠦ ᠲᠠᠯ᠎ᠠ ᠶᠢᠨ ᠬᠥᠭᠵᠢᠯᠲᠡ ᠶᠢ | ᠠᠬᠢᠭᠤᠯᠤᠭᠰᠠᠨ ᠪᠠᠶᠢᠨ᠎ᠠ᠃ | ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠬᠡᠤᠬᠡᠳ ᠲᠤ ᠠᠪᠢᠶᠠᠰ ᠴᠢᠳᠠᠪᠤᠷᠢ ᠪᠠᠨ ᠳᠡᠯᠭᠡᠨ | ᠦᠵᠡᠭᠦᠯᠬᠦ ᠲᠠᠪᠴᠠᠩ ᠪᠠᠶᠢᠭᠤᠯᠵᠤ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠪᠥᠬᠦ ᠬᠤᠰᠢᠭᠤᠨ ᠤ | ᠬᠡᠪᠴᠢᠶᠡᠨ ᠳᠤ ᠭᠦᠨ ᠵᠤᠵᠠᠭᠠᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠵᠤ᠂ ᠤᠮᠠᠷᠠᠲᠤ ᠬᠢᠯᠢ ᠶᠢᠨ | ᠰᠣᠶᠣᠯ ᠤᠨ ᠪᠠᠶᠢᠭᠤᠯᠤᠯᠲᠠ ᠶᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠭᠦᠭᠰᠡᠨ ᠪᠠᠶᠢᠨ᠎ᠠ᠃ |