4 ᠳ᠋ᠤᠭᠡᠷ ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ | ᠵᠠᠭᠤ ᠬᠤᠷᠢᠨ ᠵᠢᠷᠭᠤᠳᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ | ᠬᠤᠯᠪᠣᠭᠳᠠᠯ ᠪᠥᠬᠦᠶ ᠶᠠᠷᠢᠶ᠎ᠠ᠂ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ᠂ | ᠨᠢᠭᠡᠳᠦᠮᠡᠯ ᠹᠷᠣᠨᠲ᠂ ︽ᠲᠠᠪᠤᠨ ᠶᠡᠭᠡ ᠡᠭᠦᠷᠭᠡ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠢᠴᠢ ᠠᠵᠤ ᠠᠬᠤᠶ ᠶᠢᠨ ᠡᠷᠬᠢᠯᠲᠡ ᠶᠢᠨ ᠪᠠᠶᠢᠳᠠᠯ | ᠵᠡᠷᠭᠡ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠠᠵᠤ ᠠᠬᠤᠢ ᠶᠢᠨ ᠡᠷᠬᠢᠯᠲᠡ ᠶᠢᠨ ᠪᠠᠶᠢᠳᠠᠯ᠂ ᠭᠤᠣᠯᠳᠠᠯᠭ᠎ᠠ ᠲᠠᠢ ᠭᠦᠢᠴᠡᠳᠬᠡᠬᠦ ᠲᠤᠭ᠎ᠠ ᠶᠢ | ᠴᠢᠩᠭ᠎ᠠ ᠠᠩᠬᠠᠷᠴᠤ᠂ ᠲᠡᠰ ᠳᠠᠪᠬᠤᠷᠭ᠎ᠠ᠂ ᠲᠦᠷᠦᠯ ᠬᠤᠪᠢᠶᠠᠨ ᠲᠤᠬᠢᠷᠠᠭᠤᠯᠬᠤ ᠠᠵᠢᠯ ᠢ ᠰᠠᠶᠢᠲᠤᠷ ᠬᠢᠵᠦ᠂ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ | ᠠᠵᠤ ᠠᠬᠤᠢ ᠶᠢᠨ ᠡᠷᠬᠢᠯᠲᠡ ᠶᠢᠨ ᠳᠤᠮᠳᠠᠬᠢ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ | ᠴᠠᠭ ᠲᠤᠬᠠᠢ ᠳᠤᠨᠢ ᠰᠢᠢᠳᠪᠦᠷᠢᠯᠡᠵᠦ᠂ ᠨᠡᠮᠡᠭᠳᠡᠯ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠪᠦᠬᠦ | ᠲᠠᠯ᠎ᠠ ᠪᠠᠷ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠳᠠᠪᠠᠭᠤᠯᠢᠭ ᠢᠶᠠᠨ ᠪᠠᠬᠢᠵᠢᠭᠦᠯᠦᠨ | ᠳᠡᠭᠡᠭᠰᠢᠯᠡᠭᠦᠯᠵᠦ᠂ ᠢᠲᠡᠭᠡᠯ ᠵᠣᠷᠢᠭ᠂ ᠬᠦᠴᠦᠲᠡᠢ ᠠᠷᠭ᠎ᠠ ᠬᠡᠮᠵᠢᠶ᠎ᠡ ᠪᠠᠷ ᠠᠵᠤ ᠠᠬᠤᠢ ᠶᠢᠨ ᠬᠥᠭᠵᠢᠯᠲᠡ ᠶᠢᠨ | ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃ | ᠬᠤᠷᠠᠯ ᠠᠴᠠ᠂ ᠨᠢᠭᠡ ᠭᠤᠣᠯ ᠰᠢᠵᠢᠮ ᠢ ᠲᠤᠭᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ | ︽ᠵᠢᠷᠭᠤᠭᠠᠨ ᠢᠨᠵᠧᠨᠧᠷᠢᠩ︾ ᠢ ᠭᠦᠨᠵᠡᠭᠡᠶᠢᠷᠡᠭᠦᠯᠬᠦ᠂ ︽ᠵᠢᠷᠭᠤᠭᠠᠨ ᠠᠵᠢᠯᠯᠠᠭ᠎ᠠ︾ ᠶᠢᠨ ᠬᠠᠷᠠᠯᠲᠠ | ᠡᠭᠦᠷᠭᠡ ᠶᠢ ᠠᠬᠢᠭᠤᠯᠬᠤ ᠶᠢᠨ ᠲᠣᠭᠤᠷᠢᠨ ᠳᠤ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠨᠠᠭᠰᠢᠳᠠ | ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠪᠠᠨ | ᠨᠠᠷᠢᠯᠢᠬᠵᠢᠭᠤᠯᠵᠤ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠢᠪᠡᠰᠦ ᠵᠣᠬᠢᠬᠤ ᠠᠵᠢᠯ ᠢᠶᠠᠨ | ᠪᠣᠳᠠᠲᠠᠢ ᠬᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠣᠨᠣᠪᠴᠢᠲᠠᠢ ᠠᠳᠬᠤᠵᠤ ᠪᠣᠳᠠᠲᠠᠢ ᠬᠢᠬᠦ ᠶᠢ | ᠠᠬᠢᠭᠤᠯᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠶᠠᠷᠢᠯᠴᠠᠪᠠ᠃ | |