ᠮᠢᠬᠠᠨ ᠤ ᠥᠭᠡᠷ ᠤᠨ ᠠᠵᠤ ᠥᠢᠯᠡᠰ ᠢ ᠬᠥᠭᠵᠢᠬᠦᠯᠬᠦ ᠬᠤᠰᠢᠭᠤᠴᠢ
ᠨᠡᠶᠢᠲᠡᠯᠡᠭᠰᠡᠨ ᠴᠠᠭ᠄
2025/5/16
    — ᠰᠦᠨᠢᠳ ᠵᠡᠬᠦᠨ ᠬᠤᠰᠢᠭᠤᠨ ᠤ ᠴᠠᠭᠠᠨᠬᠠᠲᠠ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠬᠤᠸᠠᠰᠢ ᠦᠭᠡᠷ ᠤᠨ ᠡᠬᠦᠯᠳᠡᠷ ᠢ ᠪᠤᠶᠢᠵᠢᠭᠤᠯᠵᠤ ᠪᠠᠶᠢᠭ᠎ᠠ ᠶᠢ ᠲᠡᠮᠳᠡᠭᠯᠡᠪᠡ    ᠤᠶᠢᠷ᠎ᠠ ᠶᠢᠨ ᠵᠢᠯ ᠠᠴᠠ ᠨᠠᠭᠠᠰᠢ᠂ ᠰᠥᠨᠢᠳ ᠵᠡᠬᠦᠨ ᠬᠤᠰᠢᠭᠤ ᠮᠠᠯ ᠠᠵᠤ ᠠᠬᠤᠢ ᠶᠢᠨ ᠤᠨᠴᠠᠯᠢᠭ ᠲᠠᠪᠠᠭᠤᠯᠢᠭ ᠢ ᠬᠥᠢᠴᠡᠳ ᠪᠠᠲᠠᠷᠠᠭᠤᠯᠵᠥ᠂ ᠤᠷᠤᠨ ᠨᠤᠲᠤᠭ ᠤᠨ ᠰᠢᠯᠢᠲᠡᠭ ᠡᠬᠦᠯᠲᠡᠷ ᠢ ᠬᠠᠮᠠᠭᠠᠯᠠᠬᠤ᠂ ᠵᠠᠩᠭᠢᠯᠠᠭ᠎ᠠ ᠶᠢᠨ ᠡᠬᠦᠯᠲᠡᠷ ᠢ ᠪᠤᠶᠢᠵᠢᠭᠤᠯᠬᠤ᠂ ᠮᠠᠯ ᠵᠢᠬᠦᠷᠲᠡᠨ ᠤ ᠡᠬᠦᠯᠲᠡᠷ ᠢ ᠬᠠᠮᠠᠭᠠᠯᠠᠬᠤ᠂ ᠥᠢᠯᠡᠳᠪᠤᠷᠢᠯᠡᠯ ᠤᠨ ᠴᠢᠨᠠᠷᠲᠠᠢ ᠬᠢᠨᠠᠨ ᠲᠤᠭᠲᠠᠭᠠᠯ ᠬᠢᠬᠦ ᠶᠢ ᠴᠢᠩᠭᠠᠳᠬᠠᠬᠤ ᠲᠠᠯ᠎ᠠ ᠪᠠᠷ ᠰᠠᠨᠠᠭᠠᠴᠢᠯᠠᠭᠠᠲᠠᠢ ᠠᠵᠢᠯᠯᠠᠵᠥ᠂ ᠬᠤᠸᠠᠰᠢ ᠡᠬᠦᠯᠲᠡᠷ ᠢ ᠰᠤᠩᠭᠤᠨ ᠪᠤᠶᠢᠵᠢᠭᠤᠯᠬᠤ ᠪᠠ ᠥᠰᠭᠡᠨ ᠥᠷᠡᠵᠢᠬᠦᠯᠵᠥ᠂ ᠮᠡᠲᠡᠭᠲᠡᠮ᠎ᠠ ᠥᠷ᠎ᠠ ᠪᠥᠲᠥᠮᠵᠢ ᠤᠯᠵᠠᠢ᠃ ᠤᠲᠤᠬᠠᠨ ᠪᠤᠯᠲᠠᠯ᠎ᠠ᠂ ᠲᠤᠰ ᠬᠤᠰᠢᠭᠤ ᠠᠮᠵᠢᠯᠲᠠᠲᠠᠢ ᠪᠠᠷ ᠤᠯᠤᠰ ᠤᠨ ᠲᠡᠰ ᠤᠨ ᠬᠤᠸᠠᠰᠢ ᠥᠭᠡᠷ ᠤᠨ ᠭᠤᠤᠯᠲᠠᠯᠭᠠᠲᠤ ᠡᠬᠦᠯᠲᠡᠷ ᠪᠤᠶᠢᠵᠢᠭᠤᠯᠬᠤ ᠲᠠᠯᠠᠪᠠᠢ 1᠂ ᠬᠤᠸᠠᠰᠢ ᠥᠭᠡᠷ ᠤᠨ ᠡᠬᠦᠯᠲᠡᠷ ᠪᠤᠶᠢᠵᠢᠭᠤᠯᠬᠤ ᠰᠥᠷᠥᠭ 4 ᠡᠷᠥᠭᠡ ᠶᠢ ᠪᠠᠶᠢᠭᠤᠯᠤᠭᠰᠠᠨ ᠪᠠ ᠪᠥᠬᠦ ᠬᠤᠰᠢᠭᠤᠨ ᠤ ᠬᠡᠪᠴᠢᠶᠡᠨ ᠳᠤ ᠵᠠᠭᠤ ᠠᠴᠠ ᠲᠡᠭᠡᠭᠰᠢᠬᠢ ᠬᠤᠸᠠᠰᠢ ᠥᠭᠡᠷ ᠮᠠᠯᠵᠢᠵᠥ ᠪᠠᠶᠢᠭ᠎ᠠ ᠵᠢᠱᠢᠶ᠎ᠠ ᠥᠵᠡᠬᠦᠯᠬᠦ ᠡᠷᠥᠭᠡ 3 ᠶᠢ ᠪᠠᠶᠢᠭᠤᠯᠵᠥ᠂ ᠤᠷᠤᠨ ᠨᠤᠲᠤᠭ ᠲᠤ ᠪᠤᠶᠢᠵᠢᠭᠤᠯᠤᠭᠰᠠᠨ ᠬᠤᠸᠠᠰᠢ ᠥᠭᠡᠷ ᠤᠨ ᠲᠤᠭ᠎ᠠ 800 ᠭᠠᠷᠤᠢ ᠬᠥᠷᠴᠡᠢ᠃    2023 ᠤᠨ ᠳᠤ᠂ ᠲᠤᠰ ᠬᠤᠰᠢᠭᠤᠨ ᠤ ᠴᠠᠭᠠᠨᠬᠠᠲᠠ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠨᠢ ᠤᠯᠤᠰ ᠤᠨ ᠮᠢᠬᠠᠨ ᠤ ᠥᠭᠡᠷ ︵ᠬᠤᠸᠠᠰᠢ ᠥᠭᠡᠷ︶ ᠤᠨ ᠭᠤᠤᠯᠲᠠᠯᠭᠠᠲᠤ ᠡᠬᠦᠯᠲᠡᠷ ᠪᠤᠶᠢᠵᠢᠭᠤᠯᠬᠤ ᠲᠠᠯᠠᠪᠠᠢ ᠪᠠᠷ ᠥᠨᠡᠯᠡᠭᠲᠡᠪᠠ᠃ ᠲᠤᠰ ᠬᠤᠷᠰᠢᠶᠠᠵᠢᠯ ᠨᠢ ᠬᠤᠸᠠᠰᠢ ᠥᠭᠡᠷ ᠤᠨ ᠡᠬᠦᠯᠲᠡᠷ ᠪᠤᠶᠢᠵᠢᠭᠤᠯᠬᠤ ᠪᠤᠯᠤᠨ ᠥᠷᠬᠦᠯᠵᠢᠯᠡᠨ ᠰᠤᠩᠭᠤᠨ ᠪᠤᠶᠢᠵᠢᠭᠤᠯᠬᠤ ᠠᠵᠢᠯ ᠢᠶᠠᠷ ᠭᠤᠤᠯ ᠪᠤᠯᠭᠠᠨ ᠤᠲᠤᠮᠯᠠᠯ ᠲᠤᠭᠲᠠᠪᠤᠷᠢᠲᠠᠢ᠂ ᠥᠢᠯᠡᠳᠪᠤᠷᠢᠯᠡᠯ ᠤᠨ ᠴᠢᠲᠠᠪᠬᠢ ᠶᠢᠨ ᠲᠥᠪᠰᠢᠨ ᠨᠡᠯᠢᠶᠡᠳ ᠥᠨᠲᠤᠷ ᠡᠬᠦᠯᠲᠡᠷ ᠪᠤᠶᠢᠵᠢᠭᠤᠯᠬᠤ ᠰᠥᠷᠥᠭ ᠢ ᠪᠤᠶᠢᠵᠢᠭᠤᠯᠵᠥ᠂ 2017 ᠤᠨ ᠠᠴᠠ ᠬᠤᠸᠠᠰᠢ ᠦᠭᠡᠷ ᠤᠨ ᠡᠬᠦᠯᠲᠡᠷ ᠪᠤᠶᠢᠵᠢᠭᠤᠯᠬᠤ ᠠᠵᠢᠯᠯᠠᠭ᠎ᠠ ᠳᠤ ᠤᠷᠤᠯᠴᠠᠵᠥ᠂ ᠨᠠᠷᠢᠯᠢᠬᠵᠢᠭᠰᠠᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠡᠷᠡᠭᠵᠢᠬᠦᠯᠵᠥ᠂ ᠥᠭᠡᠷ ᠤᠨ ᠰᠥᠷᠥᠭ ᠤᠨ ᠤᠲᠤᠮᠯᠠᠯ ᠤᠨ ᠲᠠᠩᠰᠠ ᠡᠪᠭᠡᠮᠡᠯ ᠪᠤᠯᠤᠨ ᠥᠢᠯᠡᠳᠪᠤᠷᠢᠯᠡᠯ ᠤᠨ ᠴᠢᠲᠠᠪᠬᠢ ᠳᠤ ᠬᠢᠨᠠᠨ ᠲᠤᠭᠲᠠᠭᠠᠯ ᠬᠢᠵᠥ ᠲᠨᠩᠰᠠᠯᠠᠨ ᠲᠡᠮᠲᠡᠭᠯᠡᠵᠡᠢ᠃ ᠤᠲᠤᠬᠠᠨ ᠪᠤᠯᠲᠠᠯ᠎ᠠ᠂ ᠲᠤᠰ ᠬᠤᠷᠰᠢᠶᠠᠵᠢᠯ ᠤᠨ ᠬᠤᠸᠠᠰᠢ ᠥᠭᠡᠷ ᠤᠨ ᠶᠡᠷᠥᠩᠭᠡᠢ ᠲᠤᠭ᠎ᠠ 475 ᠬᠥᠷᠴᠥ᠂ ᠥᠷᠭᠡᠳᠭᠡᠨ ᠥᠷᠡᠵᠢᠬᠦᠯᠬᠦ ᠰᠥᠷᠥᠭ 318 ᠪᠤᠢ᠃ 2024 ᠤᠨ ᠳᠤ ᠤᠯᠤᠰ ᠤᠨ ᠤᠲᠤᠮᠯᠠᠯ ᠢ ᠬᠢᠨᠠᠨ ᠥᠨᠡᠯᠡᠬᠦ ᠲᠥᠪ ᠠᠴᠠ ᠬᠤᠸᠠᠰᠢ ᠥᠭᠡᠷ ᠤᠨ ︽ᠤᠲᠤᠮ ᠤᠭᠰᠠᠭᠠᠨ ᠤ ᠲᠤᠰᠬᠠᠢ ᠥᠨᠡᠮᠯᠡᠯ︾ ᠤᠯᠭᠤᠵᠥ᠂ ᠬᠤᠷᠰᠢᠶᠠᠵᠢᠯ ᠤᠨ 316 ᠬᠤᠸᠠᠰᠢ ᠥᠭᠡᠷ ᠨᠢ ᠪᠥᠷ ᠲᠤᠰᠬᠠᠢ ᠪᠠᠶ᠎ᠠ ᠶᠢᠨ ᠥᠨᠡᠮᠯᠡᠯ ᠲᠠᠢ ᠪᠤᠯᠤᠭᠰᠠᠨ ᠪᠠᠶᠢᠨ᠎ᠠ᠃ ᠡᠶᠢᠨᠬᠦ ᠴᠠᠭᠠᠨᠬᠠᠲᠠ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠨᠢ ᠪᠥᠬᠦ ᠠᠶᠢᠮᠠᠭ ᠴᠢᠨᠠᠭᠰᠢᠯᠠᠨ ᠪᠥᠬᠦ ᠤᠷᠤᠨ ᠤ ᠬᠤᠸᠠᠰᠢ ᠥᠭᠡᠷ ᠤᠨ ᠡᠬᠦᠯᠲᠡᠷ ᠪᠤᠶᠢᠵᠢᠭᠤᠯᠬᠤ ᠰᠥᠷᠥᠭ ᠤᠨ ᠭᠤᠤᠯ ᠥᠷ᠎ᠠ ᠬᠠᠨᠭ᠍ᠭᠠᠬᠤ ᠰᠠᠭᠤᠷᠢᠨ ᠭᠠᠵᠠᠷ ᠤᠨ ᠨᠢᠭᠡ ᠪᠤᠯᠤᠭᠰᠠᠨ ᠤ ᠬᠤᠪᠢ ᠳᠤ᠂ ᠢᠲᠡᠪᠬᠢᠲᠡᠢ ᠪᠠᠷ ᠤᠯᠤᠰ ᠤᠨ ᠥᠷ᠎ᠠ ᠶᠢᠨ ᠥᠢᠯᠡᠰ ᠢ ᠬᠥᠭᠵᠢᠬᠦᠯᠥᠨ ᠮᠠᠨᠲᠤᠭᠤᠯᠬᠤ ᠠᠵᠢᠯᠯᠠᠭ᠎ᠠ ᠳᠤ ᠤᠷᠤᠯᠴᠠᠨ ᠰᠢᠯᠢᠲᠡᠭ ᠡᠬᠦᠯᠲᠡᠷ ᠤᠨ ᠰᠢᠯᠭᠠᠷᠠᠭᠤᠯᠤᠯᠲᠠ ᠵᠡᠷᠭᠡ ᠠᠵᠢᠯᠯᠠᠭ᠎ᠠ ᠳᠤ ᠤᠷᠤᠯᠴᠠᠬᠤ ᠪᠠᠷ ᠲᠠᠮᠵᠢᠨ ᠬᠤᠸᠠᠰᠢ ᠥᠭᠡᠷ ᠤᠨ ᠨᠡᠷ᠎ᠠ ᠠᠯᠲᠠᠷᠰᠢᠯ ᠢ ᠥᠷᠭᠡᠳᠭᠡᠵᠡᠢ᠃    2023 ᠤᠨ ᠠᠴᠠ ᠨᠠᠭᠠᠰᠢ᠂ ᠤᠯᠠᠨ ᠤᠲᠠᠭ᠎ᠠ ᠪᠥᠬᠦ ᠤᠯᠤᠰ᠂ ᠪᠥᠬᠦ ᠠᠶᠢᠮᠠᠭ ᠤᠨ ᠰᠢᠯᠢᠲᠡᠭ ᠡᠬᠦᠯᠲᠡᠷ ᠤᠨ ᠥᠭᠡᠷ ᠤᠨ ᠥᠨ᠎ᠠ ᠬᠠᠶᠠᠯᠴᠠᠭᠠᠨ ᠳᠤ ᠤᠷᠤᠯᠴᠠᠵᠥ᠂ ᠶᠡᠷᠥᠩᠭᠡᠢ ᠰᠤᠯᠢᠯᠴᠠᠭᠠᠨ ᠤ ᠥᠷᠲᠡᠭ 91.5 ᠲᠥᠮᠡᠨ ᠲᠥᠭᠦᠷᠢᠭ ᠬᠥᠷᠴᠥ᠂ ᠬᠤᠸᠠᠰᠢ ᠥᠭᠡᠷ ᠤᠨ ᠨᠡᠷᠡᠳᠥ ᠲᠡᠮᠲᠡᠭ ᠤᠨ ᠠᠯᠲᠠᠷᠰᠢᠯ ᠪᠤᠯᠤᠨ ᠨᠥᠯᠥᠭᠡᠯᠡᠬᠦ ᠬᠥᠴᠥᠨ ᠢ ᠶᠡᠬᠡᠪᠡᠷ ᠲᠡᠭᠡᠭᠰᠢᠯᠡᠬᠦᠯᠵᠥ᠂ ᠪᠥᠬᠦ ᠬᠤᠰᠢᠭᠤᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠠ ᠬᠥᠲᠡᠯᠭᠡᠬᠦ ᠬᠥᠴᠥᠨ ᠨᠡᠮᠡᠷᠢᠯᠡᠪᠡ᠃ ᠤᠶᠢᠷ᠎ᠠ ᠶᠢᠨ ᠬᠤᠶᠠᠷ ᠵᠢᠯ ᠳᠤ᠂ ᠲᠤᠰ ᠬᠤᠷᠰᠢᠶᠠᠵᠢᠯ ᠤᠷᠤᠨ ᠤ ᠲᠤᠲᠤᠭᠠᠲᠤ ᠭᠠᠲᠠᠭᠠᠲᠤ ᠳᠤ ᠡᠬᠦᠯᠲᠡᠷ ᠰᠢᠯᠢᠲᠡᠭ᠂ ᠴᠢᠰᠥᠨ ᠤᠲᠤᠮ ᠴᠡᠪᠡᠷ᠂ ᠤᠲᠤᠮ ᠤᠭᠰᠠᠭ᠎ᠠ ᠪᠥᠷᠢᠨ ᠲᠡᠬᠦᠯᠲᠡᠷ 80 ᠪᠤᠬ᠎ᠠ᠂ 80 ᠭᠠᠷᠤᠢ ᠥᠨᠢᠶ᠎ᠠ ᠬᠠᠩᠭᠠᠵᠤ᠂ ᠠᠶᠢᠮᠠᠭ ᠤᠨ ᠲᠤᠲᠤᠭᠠᠲᠤ ᠳᠤ 170 ᠪᠤᠬ᠎ᠠ ᠪᠠ ᠥᠨᠢᠶ᠎ᠠ ᠬᠤᠲᠠᠯᠲᠤᠭᠰᠠᠨ ᠪᠥᠭᠡᠳ 2024 ᠤᠨ ᠳᠤ 216 ᠬᠤᠸᠠᠰᠢ ᠥᠭᠡᠷ ᠤᠨ ᠬᠥᠪᠤᠷᠠᠯ ᠰᠢᠯᠵᠢᠬᠦᠯᠬᠦ ᠡᠬᠦᠷᠭᠡ ᠶᠢ ᠠᠮᠵᠢᠯᠲᠠᠲᠠᠢ ᠪᠡᠶᠡᠯᠡᠬᠦᠯᠥᠭᠰᠡᠨ ᠪᠠᠶᠢᠨ᠎ᠠ᠃    ᠴᠠᠭᠠᠨᠬᠠᠲᠠ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠨᠢ ᠪᠥᠬᠦ ᠤᠯᠤᠰ ᠤᠨ ᠮᠠᠯᠴᠢᠨ ᠲᠠᠷᠢᠶᠠᠴᠢᠨ ᠤ ᠬᠤᠷᠰᠢᠶᠠᠵᠢᠯ ᠤᠨ 500 ᠬᠥᠴᠥᠷᠭᠡᠭ᠂ ᠤᠯᠤᠰ ᠤᠨ ᠲᠡᠰ ᠤᠨ ᠵᠢᠱᠢᠶ᠎ᠠ ᠥᠵᠡᠬᠦᠯᠬᠦ ᠬᠤᠷᠰᠢᠶᠠᠵᠢᠯ᠂ ᠥᠪᠡᠷᠲᠡᠭᠡᠨ ᠵᠠᠰᠠᠬᠤ ᠤᠷᠤᠨ ᠤ ᠲᠡᠰ ᠤᠨ ᠲᠠᠪᠤᠨ ᠤᠲᠤᠨ ᠲᠡᠰ ᠤᠨ ᠮᠠᠯᠴᠢᠨ ᠲᠠᠷᠢᠶᠠᠴᠢᠨ ᠤ ᠬᠤᠷᠰᠢᠶᠠᠵᠢᠯ᠂ ᠥᠪᠡᠷᠲᠡᠭᠡᠨ ᠵᠠᠰᠠᠬᠤ ᠤᠷᠤᠨ ᠤ ᠶᠠᠲᠠᠭᠤ ᠶᠢ ᠲᠡᠳᠬᠦᠬᠦ ᠲᠤᠯᠤᠭᠠᠶᠢᠯᠠᠭᠴᠢ ᠠᠵᠤ ᠠᠬᠤᠶᠢᠯᠠᠯ ᠵᠢᠴᠢ ᠬᠤᠸᠠᠰᠢ ᠥᠨᠢᠶ᠎ᠠ ᠶᠢᠨ CBI ᠰᠢᠯᠭᠠᠷᠠᠭᠰᠠᠨ ᠱᠠᠩᠨᠠᠯ᠂ ᠪᠥᠬᠦ ᠤᠯᠤᠰ ᠤᠨ ᠥᠢᠯᠡᠳᠪᠤᠷᠢᠯᠡᠯ ᠤᠨ ᠴᠢᠲᠠᠪᠬᠢ ᠶᠢᠨ ᠬᠢᠨᠠᠨ ᠲᠤᠭᠲᠠᠭᠠᠯ ᠤᠨ ᠲᠡᠷᠢᠬᠦᠨ ᠤ ᠬᠠᠮᠲᠤ ᠵᠡᠷᠭᠡ ᠢᠷᠠᠭᠤ ᠠᠯᠲᠠᠷ ᠢ ᠬᠥᠷᠲᠡᠵᠥ᠂ 2024 ᠤᠨ ᠳᠤ ᠬᠤᠸᠠᠰᠢ ᠥᠭᠡᠷ ᠤᠨ ᠡᠬᠦᠯᠲᠡᠷ ᠪᠤᠶᠢᠵᠢᠭᠤᠯᠬᠤ ᠬᠤᠯᠪᠤᠭᠠᠲᠤ ᠬᠤᠷᠠᠯ ᠤᠨ ᠬᠡᠷᠡᠭ ᠡᠷᠬᠢᠯᠡᠬᠦ ᠨᠢᠭᠡᠴᠢ᠂ ᠥᠪᠤᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠮᠠᠯ ᠠᠵᠤ ᠠᠬᠤᠢ ᠶᠢᠨ ᠨᠡᠶᠢᠭᠡᠮᠯᠢᠭ ︵ᠨᠠᠢᠮᠠᠲᠤᠭᠠᠷ ᠬᠤᠭᠤᠴᠠᠭ᠎ᠠ︶ ᠤᠨ ᠪᠠᠶᠢᠡᠭᠭᠤ ᠶᠢᠨ ᠬᠡᠷᠡᠭ ᠡᠷᠬᠢᠯᠡᠬᠦ ᠨᠢᠭᠡᠴᠢ ᠪᠠᠷ ᠤᠷᠢᠭᠲᠠᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠤᠨ ᠮᠤᠩᠭᠤᠯ ᠰᠤᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号