ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 14 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ | ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠳᠤ | ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ᠃ | | 5 ᠰᠠᠷ᠎ᠠ ᠶᠢᠨ 14 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ — ᠯᠠᠲ᠋ᠢᠨ ᠠᠮᠧᠷᠢᠺᠠ ᠪᠣᠯᠣᠨ ᠺᠠᠷᠢᠪᠧ ᠶᠢᠨ ᠤᠯᠤᠰ ᠤᠳ ᠤᠨ | ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠤᠨ ᠳᠥᠷᠪᠡᠳᠦᠭᠡᠷ ᠬᠤᠭᠤᠴᠠᠭᠠᠨ ᠤ ᠰᠠᠶᠢᠳ ᠤᠨ ᠲᠠᠰ ᠤᠨ ᠬᠤᠷᠠᠯ ᠳᠤ | ᠣᠷᠤᠯᠴᠠᠬᠤ ᠪᠠᠷ ᠢᠷᠡᠭᠰᠡᠨ ᠴᠢᠯᠢ ᠶᠢᠨ ᠶᠡᠷᠦᠩᠬᠡᠶᠢᠯᠡᠭᠴᠢ ᠪᠦᠸᠧᠯᠢᠴᠢ ᠲᠠᠢ ᠠᠭᠤᠯᠵᠠᠪᠠ᠃ ︵ᠰᠢᠨᠬᠤᠸᠠ ᠬᠤᠷᠢᠶ᠎ᠠ ᠶᠢᠨ | ᠰᠤᠷᠪᠤᠯᠵᠢᠯᠠᠬᠴᠢ ᠯᠢ ᠰᠢᠶᠠᠩ ᠰᠡᠭᠦᠳᠡᠷᠯᠡᠪᠡ︶ | ᠰᠢ ᠶᠢᠨ ᠫᠢᠩ᠂ ᠡᠨᠡ ᠵᠢᠯ ᠪᠣᠯ ᠳᠤᠮᠳᠠᠳᠤ ᠴᠢᠯᠢ ᠶᠢᠨ ᠬᠠᠷᠢᠯᠴᠠᠭ᠎ᠠ ᠪᠠᠶᠢᠭᠤᠯᠤᠭᠰᠠᠨ 55 ᠵᠢᠯ ᠤᠨ ᠤᠢ ᠪᠣᠯᠣᠨ᠎ᠠ᠃ | 55 ᠵᠢᠯ ᠤᠨ ᠡᠮᠦᠨ᠎ᠡ᠂ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠥᠨᠳᠥᠷ ᠲᠤ ᠵᠣᠭᠰᠣᠨ | ᠠᠯᠤᠰ ᠢ ᠪᠠᠷᠠᠯᠠᠵᠤ᠂ ᠬᠦᠢᠲᠡᠨ ᠲᠠᠶᠢᠨ ᠤ ᠤᠨᠢᠶᠠᠷ ᠬᠦᠳᠡᠩ ᠢ ᠰᠢᠪᠲᠤᠯᠤᠨ᠂ ᠰᠢᠨ᠎ᠡ ᠳᠤᠮᠳᠠᠳᠤ ᠤᠯᠤᠰ ᠪᠣᠯᠣᠨ ᠡᠮᠦᠨᠡᠲᠦ | ᠠᠮᠧᠷᠢᠺᠠ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠪᠠᠶᠢᠭᠤᠯᠤᠭᠰᠠᠨ ᠠᠩᠬᠠᠨ ᠤ ᠵᠠᠮ ᠢ ᠨᠡᠭᠡᠭᠡᠵᠡᠢ᠃ ᠬᠠᠭᠠᠰ ᠵᠠᠭᠤᠨ | ᠭᠠᠷᠤᠢ ᠶᠢᠨ ᠲᠤᠷᠰᠢ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ ᠳᠤᠮᠳᠠᠳᠤ ᠴᠢᠯᠢ ᠶᠢᠨ ᠬᠠᠷᠢᠯᠴᠠᠭ᠎ᠠ ᠶᠢᠨ ᠡᠨᠡ | ᠬᠦ ᠬᠥᠯᠭᠡ ᠣᠩᠭᠤᠴᠠ ᠢᠮᠠᠭᠲᠠ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠳᠤᠮᠳᠠᠳᠤ ᠤᠯᠤᠰ ᠪᠣᠯᠣᠨ ᠯᠠᠲ᠋ᠢᠨ | ᠠᠮᠧᠷᠢᠺᠠ ᠶᠢᠨ ᠤᠯᠤᠰ ᠤᠳ ᠤᠨ ᠬᠠᠷᠢᠯᠴᠠᠭ᠎ᠠ ᠶᠢᠨ ᠬᠥᠭᠵᠢᠯᠲᠡ ᠶᠢᠨ ᠤᠷᠤᠰᠬᠠᠯ ᠢ ᠬᠥᠲᠥᠯᠥᠨ ᠳᠠᠭᠠᠭᠤᠯᠪᠠ᠃ ᠳᠤᠮᠳᠠᠳᠤ | ᠤᠯᠤᠰ ᠪᠣᠯᠣᠨ ᠴᠢᠯᠢ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ | ᠴᠠᠭ ᠦᠶ᠎ᠡ ᠶᠢᠨ ᠠᠭᠤᠯᠤᠭᠳᠠᠬᠤᠨ ᠢ ᠲᠠᠰᠤᠷᠠᠯᠳᠡ ᠦᠭᠡᠢ ᠪᠠᠶᠠᠯᠢᠭᠵᠢᠭᠤᠯᠵᠤ᠂ ᠳᠤᠮᠳᠠᠳᠤ ᠤᠯᠤᠰ — ᠯᠠᠲ᠋ᠢᠨ | ᠠᠮᠧᠷᠢᠺᠠ ᠪᠣᠯᠣᠨ ᠺᠡᠷᠢᠪᠧ ᠶᠢᠨ ᠤᠯᠤᠰ ᠤᠳ ᠤᠨ ᠬᠠᠮᠲᠤ ᠶᠢᠨ ᠬᠥᠭᠵᠢᠯᠲᠡ ᠶᠢᠨ ᠬᠡᠪ ᠳᠠᠭᠤᠷᠢᠶᠠᠯ᠂ ᠬᠥᠭᠵᠢᠵᠦ ᠪᠠᠶᠢᠭ᠎ᠠ | ᠤᠯᠤᠰ ᠤᠳ ᠤᠨ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠤᠢ ᠪᠤᠯᠭᠠᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ | ᠪᠣᠯᠣᠨ ᠲᠠᠪᠰᠢᠯᠳᠠ ᠶᠢᠨ ᠦᠢᠯᠡᠰ ᠢ ᠬᠠᠮᠲᠤ ᠪᠠᠷ ᠠᠬᠢᠭᠤᠯᠤᠶ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠴᠢᠯᠢ ᠶᠢᠨ ᠬᠢᠨ ᠲᠠᠢ ᠤᠯᠤᠰ ᠲᠦᠷᠦ ᠶᠢᠨ ᠢᠲᠡᠭᠡᠯᠴᠡᠭᠡ ᠪᠠᠨ | ᠪᠠᠲᠤᠳᠬᠠᠵᠤ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠦᠷᠳᠡᠭᠦ ᠶᠢ ᠪᠠᠷᠢᠮᠲᠠᠯᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠴᠢᠩᠭᠠᠳᠬᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ | ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠲᠤᠰ ᠲᠤᠰ ᠤᠨ ᠢᠶᠠᠨ ᠡᠵᠡᠨ ᠮᠡᠳᠡᠬᠦ ᠡᠷᠬᠡ᠂ ᠠᠮᠤᠷ ᠲᠦᠪᠰᠢᠨ᠂ | ᠬᠥᠭᠵᠢᠯᠲᠡ ᠶᠢᠨ ᠠᠰᠢᠭ ᠲᠤᠰᠠ ᠶᠢ ᠬᠠᠮᠠᠭᠠᠯᠠᠶ᠎ᠠ᠃ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ᠂ ᠠᠵᠤ ᠦᠢᠯᠡᠰ ᠤᠨ ᠪᠡᠯᠡ ᠣᠷᠣᠭᠤᠯᠤᠯᠲᠠ᠂ | ᠰᠠᠭᠤᠷᠢ ᠲᠥᠬᠦᠭᠡᠷᠦᠮᠵᠢ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠤᠳᠤᠨ ᠣᠷᠣᠨ᠂ ᠲᠦᠢᠯ ᠤᠨ ᠣᠷᠣᠨ᠂ ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ ᠤᠨ | ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠶ᠎ᠠ᠃ ᠳᠤᠮᠳᠠᠳᠤ ᠤᠯᠤᠰ | ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠴᠢᠯᠢ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ | ᠮᠠᠨᠳᠤᠭᠤᠯᠬᠤ ᠶᠢ ᠳᠡᠮᠵᠢᠨ᠎ᠠ᠂ ᠴᠢᠯᠢ ᠶᠢᠨ ᠨᠡᠩ ᠤᠯᠠᠨ ᠴᠢᠨᠠᠷ ᠰᠠᠶᠢᠲᠠᠢ ᠪᠦᠲᠦᠭᠡᠭᠳᠡᠬᠦᠨ ᠳᠤᠮᠳᠠᠳᠤ ᠤᠯᠤᠰ ᠤᠨ ᠵᠠᠬ᠎ᠠ | ᠳᠡᠯᠭᠡᠭᠦᠷ ᠲᠤ ᠣᠷᠣᠵᠤ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠣᠯᠪᠠᠰᠤᠨ ᠢᠶᠠᠨ ᠬᠠᠷᠢᠯᠴᠠᠨ | ᠲᠣᠯᠢᠳᠠᠬᠤ ᠪᠠᠨ ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠠᠭᠤᠴᠢᠯᠠᠭᠤᠷ᠂ ᠵᠠᠯᠠᠭᠤᠴᠤᠳ ᠵᠡᠷᠭᠡ ᠶᠢᠨ | ᠰᠣᠯᠢᠯᠴᠠᠭᠠᠨ ᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠬᠥᠮᠥᠰ ᠤᠨ ᠶᠠᠪᠤᠯᠴᠠᠭ᠎ᠠ ᠳᠤ ᠲᠦᠭᠦᠮ ᠦᠵᠡᠭᠦᠯᠵᠦ᠂ ᠬᠤᠶᠠᠷ | ᠤᠯᠤᠰ ᠤᠨ ᠬᠠᠷᠢᠯᠴᠠᠭᠠᠨ ᠤ ᠠᠯᠤᠰ ᠭᠡᠳᠤ ᠶᠢᠨ ᠬᠥᠭᠵᠢᠯᠲᠡ ᠳᠤ ᠰᠠᠶᠢᠨ ᠰᠠᠶᠢᠬᠠᠨ ᠨᠡᠶᠢᠭᠡᠮ ᠤᠨ ᠠᠷᠠᠳ ᠤᠨ ᠰᠠᠨᠠᠭᠠᠨ ᠤ | ᠰᠠᠭᠤᠷᠢ ᠶᠢ ᠲᠠᠯᠪᠢᠵᠤ ᠥᠭᠭᠦᠶ᠎ᠡ᠃ ᠣᠳᠣᠬᠠᠨ ᠳᠤ᠂ ᠳᠡᠯᠡᠬᠡᠢ ᠶᠢᠨ ᠪᠠᠶᠢᠳᠠᠯ ᠬᠤᠪᠢᠷᠠᠯᠲᠠ ᠬᠥᠷᠪᠡᠭᠡᠨ ᠰᠣᠯᠪᠢᠴᠠᠵᠤ᠂ | ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠭᠠᠷᠴᠤ᠂ ᠤᠯᠠᠨ ᠤᠯᠤᠰ ᠤᠨ ᠠᠵᠤ ᠠᠬᠤᠢ | ᠠᠷᠠᠯᠵᠢᠶᠠᠨ ᠤ ᠡᠮᠬᠢ ᠳᠢᠭᠯᠢᠮ ᠳᠤ ᠬᠦᠨᠳᠦ ᠨᠣᠴᠢᠲᠠᠢ ᠳᠠᠭᠠᠷᠢᠯᠲᠠ ᠤᠴᠠᠷᠠᠭᠤᠯᠵᠤ ᠪᠠᠶᠢᠨ᠎ᠠ᠃ ᠤᠯᠠᠨ ᠲᠠᠯᠠᠲᠤ ᠦᠵᠡᠯ | ᠪᠣᠯᠣᠨ ᠴᠢᠯᠦᠭᠡᠲᠦ ᠠᠷᠠᠯᠵᠢᠶᠠᠨ ᠤ ᠡᠷᠡᠰ ᠪᠠᠲᠤ ᠬᠠᠮᠠᠭᠠᠯᠠᠭᠴᠢ ᠪᠣᠯᠤᠭᠰᠠᠨ ᠤ ᠬᠤᠪᠢ ᠳᠤ ᠳᠤᠮᠳᠠᠳᠤ ᠴᠢᠯᠢ ᠤᠯᠠᠨ ᠲᠠᠯᠠᠲᠤ | ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ | ᠲᠤᠰᠠ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃ | ᠪᠦᠸᠧᠯᠢᠴᠢ᠂ ᠴᠢᠯᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ | ᠪᠠᠶᠢᠨ᠎ᠠ᠃ ᠳᠤᠮᠳᠠᠳᠤ ᠤᠯᠤᠰ ᠨᠢᠭᠡᠨᠲᠡ ᠴᠢᠯᠢ ᠶᠢᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ ᠬᠤᠶᠠᠷ | ᠲᠠᠯ᠎ᠠ ᠶᠢᠨ ᠬᠠᠮᠲᠤᠷᠠᠯᠴᠠᠭ᠎ᠠ ᠨᠢ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠡᠢ᠃ ᠴᠢᠯᠢ ᠶᠢᠨ ᠬᠢᠨ ᠨᠢᠭᠡ | ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠯᠤᠭ᠎ᠠ ᠠᠷᠠᠯᠵᠢᠶ᠎ᠠ᠂ ᠪᠡᠯᠡ | ᠣᠷᠣᠭᠤᠯᠤᠯᠲᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ | ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠴᠢᠯᠢ ᠳᠤᠮᠳᠠᠳᠤ ᠶᠢᠨ ᠬᠠᠷᠢᠯᠴᠠᠭ᠎ᠠ ᠶᠢᠨ ᠨᠡᠩ ᠤᠯᠠᠨ ᠦᠨᠡᠨ | ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ᠃ ᠡᠯ᠎ᠡ ᠤᠯᠤᠰ ᠴᠢᠯᠦᠭᠡᠲᠦ ᠠᠷᠠᠯᠵᠢᠶ᠎ᠠ ᠪᠣᠯᠣᠨ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠪᠠᠯ ᠵᠣᠬᠢᠨ᠎ᠠ᠂ ᠠᠷᠠᠯᠵᠢᠶ᠎ᠠ ᠨᠢ ᠵᠥᠪᠭᠡᠨ ᠨᠢᠭᠡ | ᠤᠯᠤᠰ ᠤᠨ ᠬᠤᠪᠢ ᠶᠢᠨ ᠠᠰᠢᠭ ᠲᠤᠰᠠ ᠳᠤ ᠦᠢᠯᠡᠴᠢᠯᠡᠵᠦ ᠪᠤᠯᠬᠤ ᠦᠭᠡᠢ᠂ ᠠᠷᠠᠯᠵᠢᠶᠠᠨ ᠤ ᠳᠠᠶᠢᠨ ᠡᠭᠦᠰᠬᠡᠪᠡᠯ ᠭᠠᠷᠬᠤ | ᠵᠠᠮ ᠦᠭᠡᠢ ᠶᠤᠮ᠃ ᠴᠢᠯᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠤᠯᠠᠨ ᠲᠠᠯᠠᠲᠤ ᠦᠵᠡᠯ ᠪᠣᠯᠣᠨ | ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠶᠠᠷᠢᠯᠴᠠᠭ᠎ᠠ ᠪᠠᠷ ᠳᠠᠮᠵᠢᠨ | ᠵᠥᠷᠢᠯᠳᠦᠭᠡᠨ ᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ | ᠬᠠᠮᠠᠭᠠᠯᠠᠨ᠎ᠠ ᠭᠡᠵᠦ ᠢᠯᠡᠳᠬᠡᠪᠡ᠃ | ᠸᠠᠩ ᠢ ᠠᠭᠤᠯᠵᠠᠯᠲᠠ ᠳᠤ ᠣᠷᠣᠯᠴᠠᠵᠠᠢ᠃ | ᠪᠦᠸᠧᠯᠢᠴᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ ᠠᠵᠤ ᠠᠬᠤᠢ᠂ | ᠬᠡᠪᠯᠡᠯ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠵᠠᠭᠤᠴᠢᠯᠠᠭᠤᠷ ᠤᠨ ᠤᠶᠤᠨ ᠤ ᠬᠥᠮᠥᠷᠭᠡ ᠵᠡᠷᠭᠡ ᠬᠦᠷᠢᠶᠡᠨ ᠤ | ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠪᠠ᠃ |