ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯᠴᠢᠳ ᠤᠬᠠᠮᠰᠠᠷ ᠠᠴᠠ ᠪᠠᠨ ᠬᠠᠰᠢᠶᠠᠯᠠᠨ ᠮᠠᠯᠵᠢᠵᠦ ᠪᠠᠶᠢᠨ᠎ᠠ
ᠨᠡᠶᠢᠲᠡᠯᠡᠭᠰᠡᠨ ᠴᠠᠭ᠄
2025/5/19
   4 ᠳ᠋ᠤᠭᠠᠷ ᠰᠠᠷ᠎ᠠ ᠶᠢᠨ 1 ᠤ ᠡᠳᠦᠷ ᠠᠴᠠ ᠮᠠᠨ ᠤ ᠬᠤᠰᠢᠭᠤᠨ ᠤ 7 ᠰᠤᠮᠤ ᠪᠠᠯᠭᠠᠰᠤᠨ ᠤ 49 ᠭᠠᠴᠠᠭ᠎ᠠ ᠨᠢ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠡᠬᠢᠯᠡᠵᠦ᠂ ᠮᠠᠯᠴᠢᠳ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠪᠠᠶᠢᠨ᠎ᠠ᠃    ᠰᠣᠷᠪᠤᠯᠵᠢᠯᠠᠭᠴᠢ ᠪᠠᠶᠠᠨᠨᠠᠭᠤᠷ ᠪᠠᠯᠭᠠᠰᠤᠨ ᠤ ᠨᠠᠷᠠᠨᠪᠤᠯᠠᠭ ᠭᠠᠴᠠᠭᠠᠨ ᠤ ᠮᠠᠯᠴᠢᠨ ᠭᠡᠷᠡᠯᠲᠦ ᠶᠢᠨ ᠳᠤ ᠬᠦᠷᠬᠦ ᠳᠤ᠂ ᠪᠡᠯᠴᠢᠭᠡᠷ ᠳᠡᠭᠡᠷ᠎ᠡ ᠮᠠᠯ ᠤᠨ ᠪᠠᠷ᠎ᠠ ᠬᠠᠷᠠᠭᠳᠠᠬᠤ ᠦᠭᠡᠢ᠂ ᠨᠢᠭᠡ ᠭᠡᠷ ᠪᠠᠷ ᠢᠶᠠᠨ ᠬᠠᠰᠢᠶᠠᠨ ᠳᠤ ᠪᠠᠨ ᠮᠠᠯ ᠲᠡᠵᠢᠭᠡᠵᠤ ᠪᠠᠶᠢᠯ᠎ᠠ᠃ ᠭᠡᠷᠡᠯᠲᠦ ᠠᠴᠠ᠂ ︽ᠤᠳᠤ ᠡᠪᠡᠰᠦ ᠨᠣᠭᠤᠭᠠᠷᠠᠭᠰᠠᠨ ᠪᠣᠯᠪᠠᠴᠤ ᠬᠠᠰᠢᠶᠠᠯᠠᠨ ᠮᠠᠯᠵᠢᠬᠤ ᠨᠢ ᠮᠥᠨ ᠴᠦ ᠲᠦᠢᠯ ᠤᠨ ᠴᠢᠬᠤᠯᠠ ᠶᠤᠮ᠃ ᠬᠡᠳᠦ᠋ᠢᠪᠡᠷ ᠠᠷᠠᠴᠢᠯᠠᠨ ᠲᠡᠵᠢᠭᠡᠬᠦ ᠥᠪᠡᠷ ᠤᠨ ᠥᠷᠲᠡᠭ ᠨᠡᠮᠡᠭᠳᠡᠭᠰᠡᠨ ᠪᠣᠯᠪᠠᠴᠤ ᠪᠡᠯᠴᠢᠭᠡᠷ ᠢ ᠰᠡᠷᠭᠦᠭᠡᠬᠦ ᠠᠵᠢᠯ ᠳᠠᠭᠤᠰᠤᠭᠰᠠᠨ ᠤ ᠳᠠᠷᠠᠭ᠎ᠠ ᠮᠠᠯ ᠰᠦᠷᠦᠭ ᠨᠡᠩ ᠰᠠᠶᠢᠬᠠᠨ ᠬᠥᠬᠡ ᠡᠪᠡᠰᠦ ᠣᠯᠵᠤ ᠢᠳᠡᠨ᠎ᠡ᠃ ᠪᠢᠳᠡ 60 ᠭᠠᠷᠤᠢ ᠲᠣᠨ ᠨᠣᠭᠤᠭᠠᠨ ᠲᠠᠷᠤᠰᠢ᠂ 30 ᠭᠠᠷᠤᠢ ᠲᠣᠨ ᠬᠠᠭᠤᠷᠠᠢ ᠡᠪᠡᠰᠦ ᠶᠢ ᠤᠷᠢᠳᠴᠢᠯᠠᠨ ᠨᠥᠭᠡᠴᠡᠯᠡᠵᠦ᠂ ᠮᠠᠯ ᠤᠨ ᠲᠡᠵᠢᠭᠡᠯ ᠪᠣᠷᠳᠣᠭᠠᠨ ᠤ ᠬᠠᠩᠭᠠᠯᠭ᠎ᠠ ᠶᠢ ᠪᠦᠷᠢᠮᠦᠰᠦᠨ ᠪᠠᠲᠤᠯᠠᠵᠤ ᠪᠠᠶᠢᠨ᠎ᠠ︾ ᠭᠡᠵᠦ ᠶᠠᠷᠢᠵᠦ ᠪᠠᠶᠢᠯ᠎ᠠ᠃ ᠣᠳᠣᠬᠠᠨ ᠳᠤ ᠲᠡᠲᠡᠨ ᠤ ᠬᠢᠨᠢ 30 ᠭᠠᠷᠤᠶ ᠲᠤᠭᠤᠯ ᠪᠠ 20 ᠭᠠᠷᠤᠶ ᠬᠤᠷᠠᠭ᠎ᠠ ᠲᠣᠰᠤᠭᠰᠠᠨ ᠪᠠᠶᠢᠨ᠎ᠠ᠃    ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠪᠣᠯ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠴᠢᠬᠤᠯᠠ ᠠᠷᠭ᠎ᠠ ᠬᠡᠮᠵᠢᠶ᠎ᠡ ᠮᠥᠨ᠃ ᠬᠠᠰᠢᠶᠠᠯᠠᠨ ᠮᠠᠯᠵᠢᠬᠤ ᠬᠤᠭᠤᠴᠠᠭᠠᠨ ᠳᠤ᠂ ᠪᠡᠯᠴᠢᠭᠡᠷ ᠡᠪᠡᠰᠦᠨ ᠤ ᠤᠷᠭᠤᠯᠳᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠬᠤᠷ ᠮᠠᠯ ᠤᠨᠤᠭ᠎ᠠ ᠢᠳᠡᠬᠦ ᠪᠠ ᠭᠢᠰᠬᠢᠵᠦ ᠶᠢ ᠬᠤᠷᠢᠭᠯᠠᠬᠤ ᠨᠢ᠂ ᠬᠥᠷᠥᠰᠥ ᠰᠢᠷᠣᠢ ᠶᠢᠨ ᠪᠦᠲᠦᠴᠡ ᠶᠢ ᠬᠠᠮᠠᠭᠠᠯᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠥᠪᠡᠷ ᠢ ᠪᠠᠨ ᠰᠡᠷᠭᠦᠭᠡᠬᠦ ᠳᠤ ᠠᠰᠢᠭᠲᠠᠢ ᠪᠠᠶᠢᠳᠠᠭ᠃ ᠣᠷᠳᠣ ᠬᠤᠭᠤᠴᠠᠭᠠᠨ ᠤ ᠲᠤᠷᠰᠢ᠂ ᠮᠠᠨ ᠤ ᠬᠤᠰᠢᠭᠤ ᠣᠯᠠᠨ ᠵᠦᠢᠯ ᠤᠨ ᠬᠡᠯᠪᠡᠷᠢ ᠪᠠᠷ ᠪᠡᠯᠴᠢᠭᠡᠷᠯᠡᠭᠦᠯᠬᠦ ᠶᠢ ᠵᠣᠭᠰᠤᠭᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠭᠰᠠᠭᠠᠷ ᠢᠷᠡᠵᠠᠢ᠃ ᠣᠳᠣᠬᠠᠨ ᠳᠤ᠂ ᠮᠠᠯᠴᠢᠳ ᠨᠢᠭᠡᠨᠲᠡ ᠪᠡᠯᠴᠢᠭᠡᠷ ᠰᠡᠷᠭᠦᠭᠡᠬᠦ ᠲᠣᠭᠲᠠᠭᠠᠯ ᠢ ᠤᠬᠠᠮᠰᠠᠷ ᠠᠴᠠ ᠪᠠᠨ ᠰᠠᠬᠢᠬᠤ ᠲᠠᠨᠢᠯᠲᠠ ᠲᠠᠢ ᠪᠣᠯᠵᠣ᠂ ᠡᠪᠡᠰᠦ ᠪᠣᠷᠳᠤᠭ᠎ᠠ ᠰᠠᠨᠠᠭᠠᠴᠢᠯᠠᠭ᠎ᠠ ᠠᠴᠠ ᠪᠠᠨ ᠨᠥᠭᠡᠴᠡᠯᠡᠵᠦ᠂ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠮᠠᠯ ᠤᠨᠤᠭᠠᠨ ᠤ ᠲᠡᠵᠢᠭᠡᠯ ᠶᠢ ᠪᠠᠲᠤᠯᠠᠭᠰᠠᠨ ᠮᠥᠷᠲᠡᠭᠡᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠪᠠ ᠠᠯᠤᠰ ᠬᠡᠲᠦ ᠶᠢᠨ ᠣᠷᠣᠯᠭ᠎ᠠ ᠶᠢ ᠨᠡᠮᠡᠭᠳᠡᠭᠦᠯᠬᠦ ᠳᠤ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃    
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号