5 ᠳ᠋ᠤᠭᠠᠷ ᠰᠠᠷ᠎ᠠ ᠶᠢᠨ 9 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠪᠡᠭᠡᠵᠢᠩ ᠳᠤ ᠰᠠᠭᠤᠭ᠎ᠠ ᠬᠡᠷᠡᠭ ᠡᠷᠬᠢᠯᠡᠬᠦ ᠭᠠᠵᠠᠷ᠂ ᠰᠢᠯᠢ ᠶᠢᠨ ᠭᠤᠤᠯ ᠠᠶᠢᠮᠠᠭ ᠤᠨ | ᠵᠠᠬᠢᠷᠭ᠎ᠠ ᠶᠢᠨ ᠬᠠᠮᠲᠤᠷᠠᠨ ᠡᠷᠭᠢᠯᠡᠭᠰᠡᠨ ︽ᠨᠠᠮ ᠤᠨ ᠬᠡᠷᠡᠯ ᠬᠢᠯᠪᠠᠭ᠎ᠠ ᠰᠠᠴᠤᠷᠠᠭᠰᠠᠨ ᠤᠮᠠᠷᠠᠲᠤ ᠬᠢᠯᠢ ᠶᠢᠨ ᠪᠡᠭᠡᠵᠢᠩ | ᠥᠪᠥᠷ ᠮᠣᠩᠭᠤᠯ ᠤᠨ ᠭᠠᠷ ᠬᠤᠯᠪᠣᠨ ᠢᠷᠠᠭᠤ ᠬᠠᠭᠤᠳᠠᠰᠤ ᠶᠢ ᠵᠢᠷᠤᠭᠯᠠᠶ᠎ᠠ︾ ᠭᠡᠭᠦ 2025 ᠪᠡᠭᠡᠵᠢᠩ᠂ ᠥᠪᠥᠷ | ᠮᠣᠩᠭᠤᠯ ᠤᠨ ᠰᠢᠯᠢ ᠶᠢᠨ ᠭᠤᠤᠯ ᠠᠶᠢᠮᠠᠭ ᠤᠨ ᠡᠷᠢᠶᠡᠨ ᠬᠤᠲᠠ᠂ ᠰᠥᠨᠢᠳ ᠵᠡᠭᠦᠨ ᠬᠤᠰᠢᠭᠤ᠂ ᠰᠥᠨᠢᠳ | ᠪᠠᠷᠠᠭᠤᠨ ᠬᠤᠰᠢᠭᠤᠨ ᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠦᠷ᠎ᠡ ᠪᠦᠲᠦᠭᠡᠯ ᠤᠨ ᠬᠠᠷᠢᠭᠤ ᠳ᠋ᠥᠭᠨᠡᠯᠲᠠ ᠶᠢᠨ ᠥᠵᠡᠭᠦᠯᠤᠯᠭᠡ︾ ᠶᠢᠨ ᠰᠢᠷᠢᠰ | ᠠᠵᠢᠯᠯᠠᠭ᠎ᠠ ᠦᠨᠳᠦᠰᠦᠲᠡᠨ ᠤ ᠰᠣᠶᠣᠯ ᠤᠨ ᠣᠷᠳᠣᠨ ᠳᠤ ᠡᠬᠢᠯᠡᠪᠡ᠃ | ᠦᠵᠡᠭᠦᠯᠦᠯᠭᠡ ᠶᠢᠨ ᠲᠤᠬᠠᠢ ᠶᠢᠨ ᠲᠠᠯᠠᠪᠠᠢ ᠳᠤ᠂ ᠮᠠᠨ ᠤ ᠬᠤᠰᠢᠭᠤᠨ ᠤ ᠤᠷᠠᠯᠠᠬᠤ ᠤᠷ᠎ᠠ ᠮᠡᠷᠭᠡᠰᠢᠯ᠂ | ᠬᠠᠭᠠᠷᠢᠭᠰᠠᠨ ᠵᠢᠷᠤᠭ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠮᠣᠳᠣᠨ ᠰᠡᠶᠢᠯᠤᠮᠡᠯ ᠤᠨ ᠤᠷ᠎ᠠ ᠮᠡᠷᠭᠡᠵᠢᠯ᠂ | ᠮᠣᠩᠭᠤᠯ ᠦᠨᠳᠦᠰᠦᠲᠡᠨ ᠤ ᠬᠠᠳᠬᠤᠮᠠᠯ ᠤᠷᠠᠯᠠᠯ᠂ ᠱᠠᠭ᠎ᠠ ᠲᠣᠭᠯᠠᠭᠠᠮ᠂ ᠳᠡᠭᠡᠰᠦᠨ ᠤᠷᠠᠯᠠᠯ ᠤᠨ ᠰᠣᠶᠣᠯ᠂ | ᠲᠠᠮᠠᠭᠠᠨ ᠰᠣᠶᠣᠯ ᠵᠡᠷᠭᠡ ᠠᠳᠠᠯᠢ ᠪᠤᠰᠤ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯ ᠤᠳ | ᠦᠵᠡᠭᠴᠢᠳ ᠤᠨ ᠪᠠᠭ᠋ᠠᠳᠤᠯ ᠢ ᠲᠠᠲᠠᠪᠠ᠃ | ᠡᠨᠡ ᠤᠳᠠᠭᠠᠨ ᠤ ᠮᠢᠩᠭᠠᠨ ᠭᠠᠵᠠᠷ ᠢ ᠠᠯᠤᠰᠯᠠᠭᠰᠠᠨ ᠰᠣᠶᠣᠯ ᠤᠨ ᠶᠠᠷᠢᠯᠴᠠᠭ᠎ᠠ ᠨᠢ ᠨᠡᠶᠢᠰᠯᠡᠯ ᠤᠨ | ᠦᠵᠡᠭᠴᠢᠳ ᠲᠤ ᠤᠮᠠᠷᠠᠲᠤ ᠬᠢᠯᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠤᠭᠰᠠᠨ ᠢᠶᠠᠷ | ᠪᠠᠷᠠᠬᠤ ᠦᠭᠡᠢ᠂ ᠨᠠᠩ ᠴᠤ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠰᠣᠶᠣᠯ ᠢᠶᠠᠷ ᠬᠤᠯᠪᠣᠭᠠᠰᠤ | ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠵᠢᠷᠤᠭᠯᠠᠭᠰᠠᠨ ᠠᠮᠢᠳᠤᠯᠢᠭ | ᠦᠢᠯᠡᠳᠦᠯᠭᠡ ᠶᠢ ᠭᠡᠷᠡᠴᠢᠯᠡᠪᠡ᠃ |