ᠡᠩᠭᠡᠷ ᠨᠡᠶᠢᠭᠡᠮ ᠲᠣᠭᠤᠷᠢᠭ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/19
   ᠣᠶᠢᠷ᠎ᠠ ᠳᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠤᠤᠯ ᠰᠡᠳᠦᠪᠲᠦ ᠤᠬᠠᠭᠤᠯᠭ᠎ᠠ ᠬᠥᠮᠦᠵᠢᠯ ᠢ ᠥᠷᠨᠢᠭᠦᠯᠬᠦ ᠠᠵᠢᠯ ᠢ ᠡᠩᠭᠡᠷ ᠨᠡᠶᠢᠭᠡᠮ ᠲᠣᠭᠤᠷᠢᠭ ᠲᠤ ᠬᠢᠪᠡ᠃    ᠬᠠᠨ ᠣᠪᠣᠭᠳᠣ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠥᠩᠭᠡᠷᠡᠭᠡᠭᠰᠡᠨ ᠳᠤ ᠲᠡᠳᠡᠨ ᠤ ᠬᠢᠨ ᠬᠠᠭᠤᠴᠢᠨ ᠪᠠᠶᠢᠰᠢᠩ ᠭᠡᠷ ᠲᠤ ᠰᠠᠭᠤᠵᠤ᠂ ᠪᠣᠷᠣᠭᠠᠨ ᠤᠷᠤᠪᠠᠯ ᠭᠡᠷ ᠪᠠᠶᠢᠰᠢᠩ ᠨᠢ ᠭᠤᠭᠤᠵᠢᠵᠤ ᠥᠢᠷ᠎ᠠ ᠬᠠᠪᠢ ᠶᠢᠨ ᠵᠠᠮ ᠨᠢ ᠴᠤ ᠡᠩᠬᠦᠯ ᠳᠣᠩᠬᠤᠯ ᠪᠠᠶᠢᠪᠠ᠃ ᠣᠳᠣ ᠠᠰᠠᠷ ᠲᠤ ᠨᠡᠭᠦᠵᠦ ᠣᠷᠣᠭᠠᠳ ᠰᠠᠶᠢᠬᠠᠨ ᠪᠠᠶᠢᠨ᠎ᠠ᠃ ᠰᠠᠭᠤᠭᠠᠯᠢ ᠠᠷᠠᠳ ᠤᠨ ᠲᠣᠭᠤᠷᠢᠭ ᠴᠡᠪᠡᠷ ᠴᠡᠮᠴᠡᠭᠡᠷ᠂ ᠢᠵᠢ ᠪᠦᠷᠢᠳᠦᠭᠦᠯᠬᠦ ᠲᠥᠬᠦᠭᠡᠷᠦᠮᠵᠢ ᠪᠦᠷᠢᠨ ᠭᠦᠢᠴᠡᠳ᠂ ᠠᠮᠢᠳᠤᠷᠠᠯ ᠶᠡᠭᠡ ᠲᠠᠭᠠᠯᠠᠮᠵᠢᠲᠠᠶ ᠪᠤᠯᠤᠭᠰᠠᠨ ᠪᠠᠶᠢᠨ᠎ᠠ᠃ ᠡᠨᠡ ᠨᠢ ᠪᠦᠷ ᠨᠠᠮ ᠪᠠ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠰᠠᠶᠢᠨ ᠢᠶᠠᠷ ᠭᠡᠵᠤ ᠪᠠᠶᠠᠷ ᠲᠠᠢ ᠶᠠᠷᠢᠵᠤ ᠪᠠᠶᠢᠯ᠎ᠠ᠃    ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠥᠨᠳᠤᠰᠤ ᠨᠠᠰᠤ ᠠᠬᠠᠰᠢᠷᠠᠵᠤ᠂ ᠡᠪᠡᠤᠨᠴᠢᠨ ᠲᠠᠰᠤᠷᠠᠬᠤ ᠥᠭᠡᠢ᠂ ᠥᠩᠭᠡᠷᠡᠭᠰᠡᠨ ᠳᠤ ᠡᠪᠡᠳᠴᠢᠨ ᠦᠵᠡᠭᠦᠯᠬᠦ ᠨᠢ ᠶᠡᠭᠡ ᠳᠠᠷᠤᠭᠠᠰᠤ ᠲᠠᠢ᠂ ᠳᠠᠩᠳᠠ ᠡᠮᠨᠡᠯᠭᠡ ᠳᠤ ᠣᠴᠢᠵᠤ ᠳᠡᠶᠢᠯᠬᠦ ᠦᠭᠡᠶ ᠪᠠᠶᠢᠯ᠎ᠠ᠃ ᠤᠳᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠰᠠᠶᠢᠵᠢᠷᠠᠵᠤ᠂ ᠶᠡᠬᠡᠩᠬᠢ ᠵᠠᠷᠤᠳᠠᠯ ᠢ ᠴᠥᠮ ᠲᠠᠩᠰᠠ ᠳᠤ ᠤᠷᠤᠭᠤᠯᠤᠨ ᠴᠠᠶᠢᠷᠠᠭᠤᠯᠵᠤ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ ᠪᠠᠶᠢᠨ᠎ᠠ᠃ ᠨᠢᠳᠤᠨᠤᠨ ᠡᠮᠨᠡᠯᠭᠡ ᠳᠤ ᠰᠠᠭᠤᠵᠤ ᠮᠡᠰᠡ ᠵᠠᠰᠠᠯ ᠬᠢᠵᠤ᠂ ᠡᠮᠨᠡᠯᠭᠡ ᠶᠢᠨ ᠳᠠᠭᠠᠳᠭᠠᠯ ᠤᠨ ᠳᠠᠩᠰᠠᠨ ᠠᠴᠠ ᠴᠠᠶᠢᠷᠠᠭᠤᠯᠵᠤ ᠥᠭᠭᠦᠭᠰᠡᠨ ᠤ ᠳᠠᠷᠠᠭ᠎ᠠ ᠥᠪᠡᠷ ᠢᠶᠠᠨ ᠵᠥᠪᠬᠡᠨ ᠨᠢᠭᠡ ᠬᠡᠰᠡᠭ ᠵᠣᠭᠤᠰ ᠵᠠᠷᠤᠴᠠᠭᠤᠯᠵᠠᠢ᠃ ᠡᠨᠡ ᠨᠢ ᠨᠠᠮ ᠪᠠ ᠵᠠᠰᠠᠭ ᠤᠨ ᠣᠷᠳᠣᠨ ᠤ ᠰᠠᠶᠢᠨ ᠲᠥᠷᠤ ᠶᠢᠨ ᠪᠤᠳᠤᠯᠭ᠎ᠠ ᠭᠡᠵᠤ ᠪᠠᠶᠢᠯ᠎ᠠ᠃    ᠤᠯᠠᠨ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠣᠷᠣᠨ ᠰᠠᠭᠤᠴᠠ ᠶᠢᠨ ᠪᠠᠲᠤᠯᠠᠭ᠎ᠠ᠂ ᠰᠤᠷᠭᠠᠨ ᠬᠥᠮᠦᠵᠢᠯ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠤ ᠦᠷᠭᠦᠯᠵᠢᠯᠡᠨ ᠪᠡᠯᠡ ᠤᠷᠤᠭᠤᠯᠬᠤ ᠬᠥᠴᠤᠯᠡᠴᠠ ᠪᠠᠨ ᠨᠡᠮᠡᠭᠲᠡᠭᠦᠯᠣᠨ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠡᠷᠬᠡ ᠲᠡᠭᠰᠢ ᠪᠠᠷ ᠬᠥᠷᠲᠡᠭᠡᠵᠤ᠂ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ᠂ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠲᠡᠷᠵᠢᠭᠦᠯᠬᠦ ᠵᠡᠷᠭᠡ ᠦᠨᠡᠨ ᠪᠣᠳᠠᠲᠠᠶ ᠬᠤᠪᠢᠷᠠᠯᠲᠠ ᠨᠢ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠣᠯᠠᠨ ᠬᠥᠮᠤᠨ ᠳᠤ ᠨᠠᠮ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号