ᠭᠤᠷᠪᠠᠨ ᠭᠠᠵᠠᠷ ᠤᠷᠤᠨ ᠤ ᠤᠯᠠᠭᠠᠨᠮᠥ᠋ᠴᠢᠷ ᠰᠠᠨᠰᠠᠷ ᠤᠨ ᠬᠤᠳᠠ ᠳᠤ ᠦᠨᠳᠦᠰᠦᠲᠡᠨ ᠤ ᠪᠦᠯᠬᠦᠮᠳᠡᠯ ᠤᠨ ᠭᠤᠣᠯ ᠰᠡᠳᠦᠪᠲᠦ ᠲᠣᠬᠤᠨᠢᠭᠤᠯᠬᠤ ᠲᠣᠭᠯᠠᠯᠲᠠ ᠭᠠᠷᠭᠠᠪᠠ
ᠨᠡᠶᠢᠲᠡᠯᠡᠭᠰᠡᠨ ᠴᠠᠭ᠄
2025/5/19
   5 ᠳ᠋ᠤᠭᠠᠷ ᠰᠠᠷ᠎ᠠ ᠶᠢᠨ 11 ᠤ ᠡᠳᠦᠷ ᠤᠨ ᠤᠷᠤᠢ᠂ ᠳᠤᠮᠳᠠᠳᠤ ᠤᠯᠤᠰ ᠤᠨ ᠰᠠᠨᠰᠠᠷ ᠠᠶᠠᠯᠠᠯ ᠤᠨ ᠦᠢᠯᠡᠰ ᠤᠨ ᠭᠡᠷᠡᠯ ᠰᠠᠴᠤᠷᠠᠩᠭᠤᠢ ᠠᠮᠵᠢᠯᠲᠠ ᠶᠢ ᠪᠡᠯᠭᠡᠯᠡᠬᠦ ᠶᠢᠨ ᠲᠤᠰᠠᠲᠠ᠂ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠳᠠ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤᠨ ᠤ ᠭᠤᠷᠪᠠᠨ ᠭᠠᠵᠠᠷ ᠤᠷᠤᠨ ᠤ ᠤᠯᠠᠭᠠᠨᠮᠥ᠋ᠴᠢᠷ ᠬᠠᠮᠲᠤᠷᠠᠨ ᠪᠡᠭᠡᠵᠢᠩ ᠤᠨ ᠰᠠᠨᠰᠠᠷ ᠠᠶᠠᠯᠠᠯ ᠤᠨ ᠬᠤᠲᠠᠨ ᠤ ᠰᠠᠨᠰᠠᠷ ᠠᠶᠠᠯᠠᠯ ᠤᠨ ᠶᠣᠰᠣᠯᠠᠯ ᠤᠨ ᠲᠠᠩᠬᠢᠮ ᠳᠤ ᠲᠠᠯ᠎ᠠ ᠨᠤᠲᠤᠭ ᠤᠨ ᠮᠠᠯᠴᠢᠳ ᠤᠨ ᠳᠠᠭᠤᠯᠠᠯ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠰᠢᠩ ᠾᠧ 星河 — ᠤᠯᠠᠭᠠᠨᠮᠥ᠋ᠴᠢᠷ ᠰᠠᠨᠰᠠᠷ ᠠᠶᠠᠯᠠᠯ ᠲᠣᠬᠤᠨᠢᠭᠤᠯᠬᠤ ᠲᠣᠭᠯᠠᠯᠲᠠ ᠭᠠᠷᠭᠠᠪᠠ᠃ ᠠᠵᠢᠯᠯᠠᠭ᠎ᠠ ᠨᠢ ᠲᠠᠯ᠎ᠠ ᠨᠤᠲᠤᠭ ᠤᠨ ᠰᠣᠶᠣᠯ ᠢᠶᠠᠷ ᠬᠤᠯᠪᠣᠭᠠᠰᠤ ᠪᠣᠯᠭᠠᠵᠤ᠂ ᠰᠠᠨᠰᠠᠷ ᠤᠨ ᠵᠣᠷᠢᠭ ᠰᠠᠨᠠᠭ᠎ᠠ ᠪᠠᠷ ᠲᠤᠭ ᠪᠣᠯᠭᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠰᠠᠨᠰᠠᠷ ᠠᠶᠠᠯᠠᠯ ᠤᠨ ᠬᠥᠮᠦᠰ ᠤᠨ ᠤᠯᠤᠰ ᠭᠡᠷ ᠤᠨ ᠡᠭᠦᠷᠭᠡᠯᠡᠯ ᠲᠠᠢ ᠨᠢᠭᠲᠠ ᠬᠤᠯᠪᠣᠵᠤ᠂ ᠦᠨᠳᠦᠰᠦᠲᠡᠨ ᠤ ᠪᠦᠯᠬᠦᠮᠳᠡᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠤᠯᠤᠰ ᠣᠷᠣᠨ ᠳᠠᠭᠠᠨ ᠵᠢᠳᠬᠦᠬᠦ ᠴᠠᠭ ᠦᠶ᠎ᠡ ᠶᠢᠨ ᠮᠠᠭᠲᠠᠭᠠᠯ ᠳᠠᠭᠤᠤ ᠶᠢ ᠪᠢᠴᠢᠭᠯᠡᠭᠰᠡᠨ ᠪᠠᠶᠢᠨ᠎ᠠ᠃    ᠲᠤᠭᠯᠠᠯᠳᠠ ᠳᠤ᠂ ᠬᠦᠭᠡᠮᠠᠢ ︽ᠠᠮᠢ ᠨᠠᠰᠤᠨ ᠤ ᠦᠯᠦᠭᠡᠢ︾᠂ ᠪᠦᠵᠢᠭ ︽ᠠᠩᠴᠢᠨ ᠪᠦᠷᠭᠦᠳ ᠤᠨ ᠰᠦᠨᠡᠰᠦ︾᠂ ᠡᠮᠡᠭᠳᠡᠢ ᠶᠢᠨ ᠭᠤᠴᠤᠯᠠᠯ ᠲᠠᠭᠤᠤ ︽ᠰᠠᠨᠰᠠᠷ ᠠᠶᠠᠯᠠᠯ ᠤᠨ ᠭᠠᠷᠠᠮ︾᠂ ᠬᠦᠭᠵᠢᠮ ︽ᠠᠳᠤᠭᠤᠴᠢᠨ ᠵᠠᠯᠠᠭᠤᠴᠤᠳ︾᠂ ᠲᠠᠭᠤᠯᠠᠯᠳᠤ ᠵᠥᠴᠤᠭᠡ ︽ᠡᠭᠦᠷᠢᠳᠡ ᠶᠢᠨ ᠤᠯᠠᠭᠠᠨᠮᠥ᠋ᠴᠢᠷ︾ ᠵᠡᠷᠭᠡ ᠲᠤᠭᠯᠠᠯᠳᠠ ᠨᠢ ᠲᠤᠬᠠᠢ ᠶᠢᠨ ᠲᠠᠯᠠᠪᠠᠢ ᠶᠢᠨ ᠥᠵᠡᠭᠴᠢᠤᠨ ᠤᠨ ᠨᠢᠵᠢᠭᠢᠨᠡᠲᠡᠯ᠎ᠡ ᠠᠯᠠᠭ᠎ᠠ ᠲᠠᠰᠢᠯᠲᠠ ᠶᠢ ᠤᠯᠵᠤ᠂ ᠲᠠᠯ᠎ᠠ ᠨᠤᠳᠤᠭ ᠤᠨ ᠬᠦᠪᠡᠬᠦᠳ ᠦᠬᠢᠳ ᠪᠤᠯᠤᠨ ᠰᠠᠨᠰᠠᠷ ᠠᠶᠠᠯᠠᠯ ᠤᠨ ᠬᠦᠮᠦᠰ ᠤᠨ ᠰᠠᠨᠰᠠᠷ ᠠᠶᠠᠯᠠᠯ ᠤᠨ ᠦᠢᠯᠡᠰ ᠢᠶᠠᠨ ᠬᠦᠭᠵᠢᠬᠦᠯᠵᠦ᠂ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠬᠡᠷ ᠤᠷᠤᠨ ᠢ ᠬᠠᠮᠳᠤ ᠪᠠᠷ ᠪᠦᠳᠦᠭᠡᠨ ᠪᠠᠶᠢᠭᠤᠯᠬᠤ ᠬᠦᠨ ᠵᠤᠵᠠᠭᠠᠨ ᠬᠠᠶᠢᠷ᠎ᠠ ᠰᠡᠳᠭᠢᠯᠭᠡ ᠶᠢ ᠬᠦᠢᠴᠡᠳ ᠬᠠᠷᠠᠭᠤᠯᠵᠠᠢ᠃    ᠤᠯᠠᠭᠠᠨᠮᠥ᠋ᠴᠢᠷ ᠨᠢ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠤᠭᠰᠠᠨ ᠤ ᠬᠤᠪᠢ ᠳᠤ᠂ ᠲᠠᠯ᠎ᠠ ᠨᠤᠲᠤᠭ ᠤᠨ ᠬᠥᠪᠡᠭᠦᠳ ᠥᠬᠢᠳ ᠬᠢᠭᠡᠳ ᠰᠠᠨᠰᠠᠷ ᠠᠶᠠᠯᠠᠯ ᠤᠨ ᠬᠥᠮᠦᠰ ᠤᠨ ᠬᠤᠭᠤᠷᠣᠨᠳᠣᠬᠢ ᠨᠥᠬᠦᠷᠯᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠮᠢᠳᠤᠯᠢᠭ ᠦᠢᠯᠡᠳᠦᠯᠭᠡ ᠮᠥᠨ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号