ᠸᠠᠩ ᠯᠦᠩ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠣᠷᠠᠭᠤᠯᠵᠤ ᠶᠠᠪᠤᠨ᠎ᠠ
ᠨᠡᠶᠢᠲᠡᠯᠡᠭᠰᠡᠨ ᠴᠠᠭ᠄
2025/5/19
  2024 ᠣᠨ ᠳᠤ ᠶᠡᠭᠡ ᠰᠤᠷᠭᠠᠭᠤᠯᠢ ᠪᠠᠨ ᠲᠡᠭᠦᠰᠤᠭ᠍ᠰᠡᠨ ᠸᠠᠩ ᠯᠦᠩ 王龙 ᠪᠠᠷᠠᠭᠤᠨ ᠣᠷᠣᠨ ᠤ ᠤᠶᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭᠴᠢ ᠶᠢᠨ ᠡᠭᠨᠡᠭᠡᠨ ᠳᠤ ᠤᠷᠤᠵᠤ ᠮᠠᠨ ᠤ ᠬᠤᠰᠢᠭᠤᠨ ᠳᠤ ᠢᠷᠡᠵᠤ ᠠᠵᠢᠯᠯᠠᠭᠰᠠᠨ ᠪᠠᠶᠢᠨ᠎ᠠ᠃    ᠡᠬᠢᠨ ᠤ ᠬᠤᠭᠤᠴᠠᠭᠠᠨ ᠳᠤ᠂ ᠲᠠᠨᠢᠯ ᠪᠤᠰᠤ ᠣᠷᠴᠢᠨ ᠲᠣᠭᠤᠷᠢᠨ ᠪᠠ ᠶᠠᠷᠰᠢᠭ ᠲᠦᠪᠡᠭ ᠲᠠᠢ ᠠᠳᠠᠯ ᠠᠬᠤᠢ ᠶᠢᠨ ᠬᠠᠮᠢᠶᠠᠷᠤᠯᠲᠠ ᠶᠢᠨ ᠤᠴᠢᠷ ᠶᠠᠪᠤᠳᠠᠯ ᠤᠨ ᠡᠮᠦᠨ᠎ᠡ ᠸᠠᠩ ᠯᠦᠩ ᠤᠬᠠᠭᠠᠨ ᠢᠶᠠᠨ ᠣᠯᠬᠤ ᠥᠭᠡᠢ ᠰᠠᠨᠳᠤᠷᠬᠤ ᠥᠶ᠎ᠠ ᠳᠤ ᠲᠡᠭᠦᠨ ᠤ ᠬᠠᠮᠲᠤ ᠠᠵᠢᠯᠯᠠᠭᠰᠠᠳ ᠤᠨ ᠵᠤᠷᠢᠭᠵᠢᠭᠤᠯᠤᠯ ᠨᠢ ᠲᠡᠭᠦᠨ ᠢ ᠦᠳᠲᠡᠷ ᠲᠦᠷᠭᠡᠨ ᠠᠵᠢᠯ ᠤᠨ ᠠᠭᠤᠷ ᠠᠮᠢᠰᠬᠤᠯ ᠲᠠᠢ ᠠᠭᠤᠰᠤᠯᠴᠠᠭᠤᠯᠵᠤ ᠠᠵᠢᠯ ᠤᠨ ᠵᠠᠩᠭᠢᠯᠠᠭ᠎ᠠ ᠶᠢ ᠡᠵᠡᠮᠰᠢᠭᠦᠯᠪᠡ᠃    ᠠᠩᠬ᠎ᠠ ᠢᠷᠡᠭᠰᠡᠨ ᠠᠴᠠ ᠣᠳᠣ ᠪᠤᠯᠲᠠᠯ᠎ᠠ ᠮᠠᠨ ᠤ ᠬᠤᠰᠢᠭᠤᠨ ᠤ ᠡᠯ᠎ᠡ ᠰᠠᠭᠤᠭᠠᠯᠢ ᠲᠣᠭᠤᠷᠢᠭ ᠤᠨ ᠪᠠᠶᠢᠲᠠᠯ ᠢ ᠰᠠᠶᠢᠨ ᠣᠶᠢᠯᠭᠠᠵᠤ ᠪᠠᠶᠢᠲᠠᠭ᠃ ᠤᠳᠠᠭ᠎ᠠ ᠪᠦᠷᠢ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ᠂ ᠰᠠᠭᠤᠭᠠᠯᠢ ᠠᠷᠠᠳ ᠲᠠᠢ ᠨᠢᠭᠤᠷᠳᠠᠨ ᠶᠠᠷᠢᠯᠴᠠᠬᠤ᠂ ᠲᠡᠳᠡᠨ ᠤ ᠠᠳᠠᠯ ᠠᠬᠤᠢ ᠶᠢᠨ ᠦᠢᠯᠡᠴᠢᠯᠡᠭᠡᠨ ᠤ ᠲᠤᠬᠠᠢ ᠬᠦᠰᠡᠯ ᠱᠠᠭᠠᠷᠳᠠᠯᠭ᠎ᠠ ᠪᠣᠯᠤᠨ ᠰᠠᠨᠠᠭᠤᠯᠭ᠎ᠠ ᠶᠢ ᠰᠤᠨᠤᠰᠲᠠᠭ᠃ ᠠᠳᠠᠯ ᠠᠬᠤᠢ ᠶᠢᠨ ᠠᠵᠤ ᠠᠬᠤᠶᠢᠯᠠᠯ ᠤᠨ ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠢᠳᠡᠪᠬᠢᠲᠡᠢ ᠱᠠᠯᠠᠪᠳᠠᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠵᠣᠯ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠪᠡ᠃ ᠡᠨᠡ ᠨᠢ ᠲᠡᠭᠦᠨ ᠤ ᠰᠢᠨᠲᠠᠷᠠᠰᠢ ᠦᠭᠡᠢ ᠵᠣᠷᠢᠭ ᠰᠠᠨᠠᠭ᠎ᠠ ᠶᠢ ᠳᠠᠪᠲᠠᠨ ᠪᠣᠯᠪᠠᠰᠤᠷᠠᠭᠤᠯᠤᠭᠰᠠᠨ ᠢᠶᠠᠷ ᠪᠠᠷᠠᠬᠤ ᠦᠭᠡᠢ᠂ ᠨᠡᠩ ᠴᠤ ᠲᠡᠭᠦᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃    ᠰᠠᠶᠢᠨ ᠳᠤᠷ᠎ᠠ ᠶᠢᠨ ᠦᠢᠯᠡᠴᠢᠯᠡᠭᠡᠨ ᠤ ᠰᠠᠷ᠎ᠠ ᠸᠠᠩ ᠯᠦᠩ ᠪᠠᠷᠠᠭᠤᠨ ᠣᠷᠣᠨ ᠤ ᠰᠠᠶᠢᠨ ᠳᠤᠷ᠎ᠠ ᠶᠢᠨ ᠤᠶᠢᠯᠡᠴᠢᠯᠡᠭᠡᠨ ᠤ ᠠᠵᠢᠯᠯᠠᠭᠴᠢ ᠶᠢᠨ ᠡᠭᠨᠡᠭᠡᠨ ᠳᠤ ᠨᠡᠩ ᠭᠦᠨᠵᠡᠭᠡᠢ ᠲᠠᠨᠢᠯᠲᠠ ᠲᠠᠢ ᠪᠤᠯᠵᠤ ᠥᠪᠡᠷ ᠤᠨ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠪᠠᠨ ᠦᠢᠯᠡᠳᠦᠯᠭᠡᠵᠢᠭᠦᠯᠬᠦ ᠲᠠᠪᠴᠠᠩ ᠪᠤᠯᠭᠠᠬᠤ ᠪᠠᠷ ᠪᠠᠷᠠᠬᠤ ᠦᠭᠡᠢ᠂ ᠠᠮᠵᠢᠯᠲᠠ ᠣᠯᠵᠤ ᠦᠰᠦᠨ ᠪᠤᠶᠢᠵᠢᠬᠤ ᠡᠷᠬᠢᠮ ᠨᠠᠨᠳᠢᠨ ᠠᠵᠠ ᠲᠣᠬᠢᠶᠠᠯ ᠪᠤᠯᠭᠠᠵᠤ ᠲᠤᠷᠰᠢᠯᠭ᠎ᠠ᠂ ᠣᠯᠤᠯᠲᠠ ᠨᠢᠭᠡᠪᠦᠷᠢ ᠨᠢ ᠲᠡᠭᠦᠨ ᠤ ᠨᠡᠶᠢᠭᠡᠮ ᠳᠤ ᠬᠤᠪᠢ ᠨᠡᠮᠡᠷᠢ ᠥᠵᠡᠭᠦᠯᠤᠨ ᠤᠷᠤᠭᠰᠢᠯᠠᠬᠤ ᠶᠢ ᠵᠣᠷᠢᠭᠵᠢᠭᠤᠯᠵᠤ ᠪᠠᠶᠢᠨ᠎ᠠ᠃    ᠸᠠᠩ ᠯᠦᠩ ᠤᠨ ᠦᠯᠢᠭᠡᠷ ᠪᠣᠯ ᠪᠠᠷᠠᠭᠤᠨ ᠣᠷᠣᠨ ᠤ ᠤᠶᠢᠯᠡᠴᠢᠯᠡᠭᠡᠨ ᠤ ᠣᠯᠠᠨ ᠰᠠᠶᠢᠨ ᠳᠤᠷᠠᠴᠤᠳ ᠤᠨ ᠠᠮᠢᠳᠤᠯᠢᠭ ᠵᠢᠷᠤᠭᠯᠠᠯ ᠪᠠᠶᠢᠵᠤ᠂ ᠰᠠᠶᠢᠨ ᠳᠤᠷᠠᠴᠤᠳ ᠤᠨ ᠵᠠᠯᠠᠭᠤ ᠨᠠᠰᠤᠨ ᠬᠢᠯᠢ ᠬᠢᠵᠠᠭᠠᠷ ᠤᠨ ᠪᠥᠲᠥᠭᠡᠨ ᠪᠠᠶᠢᠭᠤᠯᠤᠯᠲᠠ ᠳᠤ ᠭᠡᠷᠡᠯ ᠭᠢᠯᠪᠠᠭ᠎ᠠ ᠪᠠᠨ ᠨᠡᠮᠡᠷᠢᠯᠡᠵᠤ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号