ᠵᠠᠩ ᠰᠢᠶᠤᠤ ᠵᠢᠩ᠄ ᠰᠤᠷᠭᠠᠨ ᠬᠦᠮᠦᠵᠢᠯ ᠢ ᠳᠡᠮᠵᠢᠬᠦ ᠵᠠᠮ ᠳᠤ ᠭᠡᠷᠡᠯ ᠭᠢᠯᠪᠠᠭ᠎ᠠ ᠰᠠᠴᠤᠷᠠᠭᠤᠯᠵᠦ ᠶᠠᠪᠤᠨ᠎ᠠ
ᠨᠡᠶᠢᠲᠡᠯᠡᠭᠰᠡᠨ ᠴᠠᠭ᠄
2025/5/19
  ᠡᠬᠡ ᠤᠯᠤᠰ ᠤᠨ ᠪᠠᠷᠠᠭᠤᠨ ᠣᠷᠣᠨ ᠳᠤ ᠡᠶᠢᠮᠦ ᠨᠢᠭᠡ ᠪᠦᠯᠦᠭ ᠣᠶᠤᠲᠠᠨ ᠰᠠᠶᠢᠨ ᠳᠤᠷ᠎ᠠ ᠶᠢᠨ ᠠᠵᠢᠯᠯᠠᠭᠰᠠᠳ᠂ ᠰᠤᠷᠭᠠᠨ ᠬᠥᠮᠦᠵᠢᠯ ᠤᠨ ᠦᠢᠯᠡᠰ ᠲᠤ ᠬᠠᠯᠠᠭᠤᠨ ᠰᠡᠳᠬᠢᠯ ᠢᠶᠠᠨ ᠵᠣᠷᠢᠭᠤᠯᠤᠨ᠂ ᠪᠤᠶᠢᠳᠠ ᠪᠥᠭᠯᠡᠭᠦᠦ ᠭᠠᠵᠠᠷ ᠣᠷᠣᠨ ᠳᠤ ᠬᠦᠷᠴᠦ᠂ ᠵᠠᠯᠠᠭᠤ ᠨᠠᠰᠤ ᠪᠣᠯᠤᠨ ᠬᠦᠴᠤ ᠬᠥᠯᠥᠰᠥ ᠪᠠᠷ ᠢᠶᠠᠨ ᠬᠡᠦᠬᠡᠳ ᠲᠤ ᠮᠡᠳᠡᠯᠭᠡ ᠶᠢᠨ ᠭᠡᠭᠡ ᠲᠤᠰᠬᠠᠵᠦ ᠪᠠᠶᠢᠨ᠎ᠠ᠃   ᠯᠦ ᠳ᠋ᠦᠩ ᠶᠡᠭᠡ ᠰᠤᠷᠭᠠᠭᠤᠯᠢ ᠠᠴᠠ ᠲᠡᠭᠦᠰᠦᠭᠰᠡᠨ ᠰᠤᠷᠤᠭᠴᠢ ᠵᠠᠩ ᠰᠢᠶᠣᠣ ᠵᠢᠩ ᠪᠣᠯ ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷᠠᠴᠤᠳ ᠤᠨ ᠳᠣᠲᠣᠷᠠᠬᠢ ᠨᠢᠭᠡ ᠭᠡᠰᠢᠭᠦᠨ ᠪᠠᠶᠢᠵᠦ᠂ ᠣᠲᠤ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠳᠤ ᠬᠡᠯᠡ ᠪᠢᠴᠢᠭ ᠤᠨ ᠬᠢᠴᠢᠶᠡᠯ ᠵᠢᠭᠠᠵᠦ᠂ ᠬᠢᠴᠢᠶᠡᠯ ᠪᠡᠯᠡᠳᠬᠡᠬᠦ᠂ ᠬᠢᠴᠢᠶᠡᠯ ᠣᠷᠣᠬᠤ᠂ ᠳᠠᠰᠬᠠᠯ ᠵᠠᠰᠠᠬᠤ ᠨᠢ ᠵᠠᠩ ᠰᠢᠶᠤᠤ ᠵᠢᠩ ᠤᠨ ᠡᠳᠦᠷ ᠲᠤᠲᠤᠮ ᠤᠨ ᠠᠵᠢᠯ ᠤᠨ ᠠᠭᠤᠯᠭ᠎ᠠ ᠪᠠᠶᠢᠵᠦ᠂ ᠦᠵᠡᠬᠦ ᠳᠤ ᠶᠡᠷᠦᠮᠳᠡᠭ ᠪᠤᠯᠪᠠᠴᠦ ᠲᠡᠭᠦᠨ ᠤ ᠰᠤᠷᠭᠠᠨ ᠬᠥᠮᠦᠵᠢᠯ ᠤᠨ ᠦᠢᠯᠡᠰ ᠲᠤ ᠡᠷᠢᠯᠬᠢᠯᠡᠬᠦ ᠬᠠᠯᠭᠤᠨ ᠰᠡᠳᠬᠢᠯᠭᠡ ᠶᠢ ᠨᠢᠭᠲᠠᠷᠠᠭᠤᠯᠵᠤ ᠪᠠᠶᠢᠳᠠᠭ᠃ ᠬᠢᠴᠢᠶᠡᠯ ᠤᠨ ᠲᠠᠩᠬᠢᠮ ᠳᠤ᠂ ᠲᠡᠷᠡ ᠮᠡᠳᠡᠯᠭᠡ ᠤᠯᠠᠮᠵᠢᠯᠠᠵᠦ᠂ ᠬᠢᠴᠢᠶᠡᠯ ᠤᠨ ᠲᠠᠩᠬᠢᠮ ᠤᠨ ᠭᠠᠳᠠᠨ᠎ᠠ᠂ ᠲᠡᠷᠡ ᠤᠷᠠᠨ ᠤᠩᠰᠢᠯᠭ᠎ᠠ ᠶᠢᠨ ᠤᠷᠤᠯᠳᠤᠭᠠᠨ᠂ ᠤᠷᠠᠨ ᠪᠢᠴᠢᠯᠭᠡ ᠶᠢᠨ ᠮᠥᠷᠦ᠋ᠢᠴᠡᠭᠡᠨ᠂ ᠰᠣᠨᠣᠰᠴᠤ ᠪᠢᠴᠢᠬᠦ ᠤᠷᠤᠯᠳᠤᠭᠠᠨ ᠵᠡᠷᠭᠡ ᠪᠠᠶᠠᠯᠢᠭ ᠰᠠᠶᠢᠬᠠᠨ ᠬᠡᠯᠡ ᠪᠢᠴᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠢ ᠲᠥᠰᠦᠪᠯᠡᠨ ᠵᠣᠬᠢᠶᠠᠨ ᠪᠠᠶᠢᠭᠤᠯᠵᠤ᠂ ᠬᠡᠦᠬᠡᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠲᠡᠭᠦᠯᠳᠡᠷᠵᠢᠭᠦᠯᠦᠭᠰᠡᠨ ᠢᠶᠠᠷ ᠪᠠᠷᠠᠬᠤ ᠦᠭᠡᠢ᠂ ᠲᠡᠳᠡᠨ ᠤ ᠰᠤᠷᠤᠯᠴᠠᠬᠤ ᠬᠠᠯᠠᠭᠤᠨ ᠰᠡᠳᠬᠢᠯᠭᠡ ᠶᠢ ᠬᠦᠭᠵᠢᠶᠡᠭᠰᠡᠨ ᠪᠠᠶᠢᠨ᠎ᠠ᠃   ᠬᠡᠦᠬᠡᠳ ᠤᠳ ᠲᠠᠢ ᠨᠠᠶᠢᠵᠢᠯᠠᠭᠰᠠᠨ ᠡᠳᠦᠷ ᠤᠳ ᠲᠤ᠂ ᠵᠠᠩ ᠰᠢᠶᠤᠤ ᠵᠢᠩ ᠦᠷᠭᠦᠯᠵᠢ ᠰᠡᠳᠬᠢᠯ ᠬᠥᠳᠡᠯᠳᠡᠭ ᠪᠠᠶᠢᠪᠠ᠂ ︽ᠬᠢᠴᠢᠶᠡᠯ ᠪᠠᠭᠤᠬᠤ ᠪᠦᠷᠢ᠂ ᠬᠡᠦᠬᠡᠳ ᠤᠳ ᠦᠷᠭᠦᠯᠵᠢ ᠮᠢᠨᠦ ᠬᠠᠵᠠᠭᠤ ᠳᠤ ᠬᠦᠷᠢᠶᠡᠯᠡᠨ ᠰᠠᠭᠤᠵᠤ᠂ ᠰᠣᠨᠢᠷᠬᠠᠭᠰᠠᠨ ᠵᠦᠢᠯ ᠢᠶᠠᠨ ᠠᠰᠠᠭᠤᠵᠦ᠂ ᠲᠡᠳᠡᠨ ᠤ ᠭᠠᠳᠠᠭᠠᠳᠤ ᠶᠢᠷᠲᠢᠨᠴᠦ ᠶᠢᠨ ᠲᠤᠬᠠᠶ ᠬᠦᠰᠡᠯ ᠡᠷᠡᠮᠡᠯᠵᠡᠯ ᠠᠴᠠ ᠪᠣᠯᠵᠤ᠂ ᠮᠥᠷᠥᠨ ᠳᠡᠭᠡᠷᠡᠬᠢ ᠬᠦᠨᠳᠦ ᠬᠠᠷᠢᠭᠤᠴᠠᠯᠭ᠎ᠠ ᠶᠢ ᠦᠨᠡᠨ ᠬᠦ ᠰᠡᠷᠡᠵᠦ ᠮᠡᠳᠡᠭᠰᠡᠨ ᠪᠥᠭᠡᠳ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠨᠠᠩ ᠣᠯᠠᠨ ᠮᠡᠳᠡᠯᠭᠡ ᠪᠠᠨ ᠲᠡᠳᠡᠨ ᠳᠤ ᠤᠯᠠᠮᠵᠢᠯᠠᠬᠤ ᠵᠣᠷᠢᠭ ᠢ ᠨᠠᠩ ᠪᠠᠲᠤᠳᠬᠠᠵᠠᠶ︾ ᠭᠡᠪᠡ᠃   ᠵᠠᠩ ᠰᠢᠶᠣᠣ ᠵᠢᠩ ᠠᠩᠬ᠎ᠠ ᠰᠦᠨᠢᠳ ᠵᠡᠭᠦᠨ ᠬᠤᠰᠢᠭᠤ ᠳᠤ ᠢᠷᠡᠬᠦ ᠳᠤ᠂ ᠭᠠᠵᠠᠷ ᠣᠷᠣᠨ ᠤ ᠵᠥᠷᠢᠶ᠎ᠡ᠂ ᠬᠠᠬᠢᠷ ᠬᠦᠢᠲᠡᠨ ᠠᠭᠤᠷ ᠠᠮᠢᠰᠬᠤᠯ ᠪᠣᠯᠣᠨ ᠠᠳᠠᠯᠢ ᠪᠤᠰᠤ ᠬᠤᠭᠤᠯᠠ ᠤᠮᠳᠠ ᠶᠢᠨ ᠳᠠᠳᠬᠠᠯ ᠨᠢ ᠲᠡᠭᠦᠨ ᠳᠤ ᠪᠠᠭ᠎ᠠ ᠪᠤᠰᠤ ᠬᠦᠴᠢᠷᠳᠡᠯ ᠠᠪᠴᠢᠷᠠᠵᠠᠶ᠃ ᠰᠢᠨ᠎ᠡ ᠪᠠᠭᠰᠢ ᠪᠣᠯᠤᠭᠰᠠᠨ ᠤ ᠬᠤᠪᠢ ᠳᠤ᠂ ᠲᠡᠷᠡ ᠦᠷᠭᠦᠯᠵᠢ ᠥᠪᠡᠷ ᠢᠶᠠᠨ ᠮᠡᠳᠡᠯᠭᠡ ᠪᠠᠨ ᠰᠤᠷᠤᠭᠴᠢᠳ ᠲᠤ ᠪᠦᠲᠦᠮᠵᠢᠲᠡᠶ ᠤᠯᠠᠮᠵᠢᠯᠠᠵᠤ ᠳᠡᠶᠢᠯᠬᠦ ᠦᠭᠡᠢ᠂ ᠪᠠᠰᠠ ᠰᠣᠶᠣᠯ ᠤᠨ ᠵᠦᠷᠢᠶ᠎ᠡ ᠠᠴᠠ ᠪᠤᠯᠵᠦ ᠣᠶᠢᠯᠠᠭᠠᠯᠴᠠᠭ᠎ᠠ ᠶᠢ ᠨᠦᠯᠦᠭᠡᠯᠡᠬᠦ ᠠᠴᠠ ᠠᠶᠤᠳᠠᠭ ᠪᠠᠶᠢᠵᠠᠢ᠃ ᠵᠣᠯ ᠢᠶᠠᠷ᠂ ᠡᠪᠯᠡᠯ ᠤᠨ ᠬᠤᠷᠢᠶ᠎ᠠ ᠪᠣᠯᠤᠨ ᠰᠤᠷᠭᠠᠭᠤᠯᠢ ᠲᠡᠭᠦᠨ ᠳᠤ ᠪᠦᠬᠦ ᠲᠠᠯ᠎ᠠ ᠶᠢᠨ ᠬᠠᠯᠠᠮᠵᠢᠯᠠᠯ ᠬᠦᠷᠲᠡᠭᠡᠵᠦ᠂ ᠲᠡᠭᠦᠨ ᠤ ᠠᠮᠢᠳᠤᠷᠠᠯ ᠤᠨ ᠪᠠᠶᠢᠳᠠᠯ ᠪᠠ ᠰᠡᠳᠬᠢᠴᠡ ᠶᠢᠨ ᠡᠷᠡᠭᠦᠯ ᠮᠡᠨᠳᠦ ᠶᠢ ᠴᠠᠭ ᠢᠮᠠᠭᠲᠠ ᠠᠩᠬᠠᠷᠬᠤ ᠪᠠᠷ ᠪᠠᠷᠠᠬᠤ ᠦᠭᠡᠢ᠂ ᠪᠠᠰᠠ ᠡᠯ᠎ᠡ ᠲᠥᠷᠥᠯ ᠤᠨ ᠬᠦᠳᠡᠯᠭᠡᠭᠡᠨ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ ᠲᠡᠭᠦᠨ ᠢ ᠬᠠᠪᠰᠤᠷᠤᠨ ᠭᠠᠵᠠᠷ ᠣᠷᠣᠨ ᠳᠤᠨᠢ ᠳᠠᠰᠬᠠᠭᠰᠠᠨ ᠪᠠᠶᠢᠨ᠎ᠠ᠃ ᠰᠤᠷᠭᠠᠭᠤᠯᠢ ᠶᠢᠨ ᠳᠡᠮᠵᠢᠯᠭᠡ ᠳᠣᠣᠷ᠎ᠠ᠂ ᠵᠠᠩ ᠰᠢᠶᠤᠤ ᠵᠢᠩ ᠵᠢᠭᠠᠨ ᠰᠤᠳᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠪᠠᠶᠠᠯᠢᠭ ᠲᠤᠷᠰᠢᠯᠭ᠎ᠠ ᠲᠠᠢ ᠪᠠᠭᠰᠢ ᠠᠴᠠ ᠰᠤᠷᠤᠯᠴᠠᠵᠦ᠂ ᠠᠯᠬᠤᠮ ᠠᠯᠬᠤᠮ ᠢᠶᠠᠷ ᠵᠢᠭᠠᠨ ᠰᠤᠷᠭᠠᠬᠤ ᠤᠶᠢᠯᠡᠳᠤᠯᠭᠡ ᠤᠨ ᠳᠤᠮᠳᠠ ᠲᠤᠷᠰᠢᠯᠭ᠎ᠠ ᠬᠤᠷᠠᠮᠳᠤᠭᠤᠯᠵᠤ᠂ ᠡᠳᠡᠭᠡᠷ ᠬᠦᠴᠢᠷ ᠪᠡᠷᠬᠡᠰᠢᠶᠡᠯ ᠨᠢ ᠬᠠᠷᠢᠨ ᠲᠡᠭᠦᠨ ᠤ ᠦᠰᠦᠨ ᠪᠤᠶᠢᠵᠢᠬᠤ ᠵᠠᠮ ᠳᠡᠭᠡᠷᠡᠬᠢ ᠳᠡᠪᠢᠰᠬᠡᠷ ᠴᠢᠯᠠᠭᠤ ᠪᠣᠯᠣᠭᠰᠠᠨ ᠪᠠᠶᠢᠨ᠎ᠠ᠃   ᠵᠠᠩ ᠰᠢᠶᠣᠣ ᠵᠢᠩ ᠤᠨ ᠦᠯᠢᠭᠡᠷ ᠪᠣᠯ ᠣᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠬᠥᠮᠦᠰ ᠤᠨ ᠠᠮᠢᠳᠤᠯᠢᠭ ᠵᠢᠷᠤᠭᠯᠠᠯ ᠮᠥᠨ᠃ ᠲᠡᠳᠡ ︽ᠪᠠᠷᠠᠭᠤᠨ ᠣᠷᠣᠨ ᠳᠤ ᠣᠴᠢᠬᠤ᠂ ᠦᠨᠳᠦᠰᠦᠨ ᠱᠠᠲᠤᠨ ᠳᠤ ᠣᠴᠢᠬᠤ᠂ ᠡᠬᠡ ᠤᠯᠤᠰ ᠤᠨ ᠬᠠᠮᠤᠭ ᠤᠨ ᠬᠡᠷᠡᠭᠴᠡᠭᠡ ᠲᠠᠢ ᠭᠠᠵᠠᠷ ᠲᠤ ᠣᠴᠢᠬᠤ︾ ᠤᠷᠢᠶᠠᠯᠠᠭ᠎ᠠ ᠶᠢ ᠳᠠᠭᠠᠵᠤ᠂ ᠵᠠᠯᠠᠭᠤ ᠨᠠᠰᠤ ᠪᠣᠯᠤᠨ ᠣᠶᠤᠨ ᠤᠬᠠᠭᠠᠨ ᠢ ᠤᠮᠠᠷᠠᠲᠤ ᠬᠢᠯᠢ ᠶᠢᠨ ᠰᠤᠷᠭᠠᠨ ᠬᠥᠮᠦᠵᠢᠯ ᠤᠨ ᠰᠢᠨ᠎ᠡ ᠠᠮᠢᠵᠢᠷᠠᠯ ᠤᠨ ᠬᠦᠴᠦᠨ ᠪᠣᠯᠭᠠᠨ ᠬᠤᠪᠢᠷᠠᠭᠤᠯᠵᠤ᠂ ᠬᠡᠦᠬᠡᠳ ᠤᠳ ᠲᠤ ᠬᠦᠰᠡᠯ ᠡᠷᠡᠮᠡᠯᠵᠡᠯ ᠲᠠᠯᠪᠢᠵᠤ ᠦᠭᠭᠦᠭᠰᠡᠨ ᠪᠠᠶᠢᠨ᠎ᠠ᠃
 
ᠢᠷᠡᠯᠲᠡ᠄ ᠬᠤᠰᠢᠭᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号