5 ᠳ᠋ᠤᠭᠠᠷ ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ | ᠬᠤᠰᠢᠭᠤ ᠨᠠᠮ ᠤᠨ ᠬᠤᠷᠢᠶᠠᠨ ᠤ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠨᠢᠭᠡᠨᠲᠡ ᠲᠥᠪᠯᠡᠷᠡᠭᠦᠯᠦᠨ | ᠴᠡᠭᠴᠡᠯᠡᠨ ᠰᠠᠶᠢᠵᠢᠷᠠᠭᠤᠯᠬᠤ ᠵᠠᠩᠭᠢᠯᠠᠭ᠎ᠠ ᠶᠢᠨ ᠱᠠᠲᠤᠨ ᠳᠤ ᠣᠷᠣᠪᠠ᠂ ᠠᠵᠢᠯ ᠤᠨ ᠡᠷᠴᠢ ᠵᠣᠷᠢᠭ ᠢᠶᠠᠨ | ᠦᠷᠭᠦᠯᠵᠢᠯᠡᠨ ᠪᠠᠲᠤᠯᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠦᠭᠰᠡᠨ | ᠪᠠᠶᠢᠳᠠᠯ ᠤᠨ ᠳᠤᠲᠠᠭᠳᠠᠯ ᠢ ᠪᠠᠶᠢᠴᠠᠭᠠᠨ ᠨᠥᠬᠦᠪᠥᠷᠢᠯᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠠᠤᠨᠬᠤᠵᠤ᠂ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠴᠡᠭᠴᠡᠯᠡᠨ | ᠰᠠᠶᠢᠵᠢᠷᠠᠭᠤᠯᠬᠤ ᠡᠭᠦᠷᠭᠡ ᠶᠢ ᠱᠠᠭᠠᠷᠳᠠᠯᠭ᠎ᠠ ᠶᠤᠰᠤᠭᠠᠷ ᠴᠢᠩᠭ᠎ᠠ ᠬᠠᠷᠭᠤᠭᠤᠯᠵᠤ᠂ ᠶᠠᠭ ᠴᠡᠭᠴᠡᠯᠡᠨ ᠰᠠᠶᠢᠵᠢᠷᠠᠭᠤᠯᠬᠤ | ᠪᠠᠶᠢᠭ᠎ᠠ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠪᠡ᠃ | ᠬᠤᠷᠠᠯ ᠠᠴᠠ᠂ ᠡᠯ᠎ᠡ ᠭᠠᠵᠠᠷ ᠤᠨ ᠲᠡᠰ ᠤᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠦᠷᠦᠭᠦᠯᠡᠨ | ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠬᠤᠪᠢᠳᠠᠨ ᠬᠠᠮᠢᠶᠠᠷᠴᠤ | ᠪᠠᠶᠢᠭ᠎ᠠ ᠬᠦᠷᠢᠶᠡᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠠᠶᠢᠷᠢᠯᠠᠭᠤᠯᠤᠨ ᠱᠠᠯᠠᠪᠳᠠᠭᠤᠯᠤᠨ ᠭᠦᠢᠴᠡᠳᠬᠡᠬᠦ ᠪᠠ | ᠬᠢᠨᠠᠨ ᠬᠠᠷᠭᠤᠯᠬᠤ ᠶᠢ ᠴᠢᠩᠭᠠᠳᠬᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠦᠢᠯᠡᠰ ᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠤᠳ | ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠡᠷᠲᠡ ᠴᠡᠭᠴᠡᠯᠡᠨ ᠰᠠᠶᠢᠵᠢᠷᠠᠭᠤᠯᠬᠤ᠂ ᠡᠷᠲᠡ ᠪᠡᠶᠡᠯᠡᠭᠦᠯᠬᠦ᠂᠂ | ᠴᠡᠭᠴᠡᠯᠡᠨ ᠰᠠᠶᠢᠵᠢᠷᠠᠭᠤᠯᠬᠤ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠶ᠃ ᠡᠯ᠎ᠡ | ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠣᠶ | ᠪᠣᠯᠭᠠᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠲᠣᠭᠤᠷᠢᠨ | ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠡᠭᠦᠷᠭᠡ ᠶᠢ ᠴᠠᠭ ᠲᠤᠬᠠᠶ ᠳᠤᠨᠢ᠂ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠬᠤ ᠶᠢ | ᠪᠠᠲᠤᠯᠠᠬᠤ ᠬᠡᠷᠡᠭᠲᠡᠶ ᠭᠡᠪᠡ᠃ | ᠬᠤᠰᠢᠭᠤ ᠤᠳᠤᠷᠢᠳᠤᠯᠭ᠎ᠠ ᠱᠤᠸᠠᠩ ᠪᠦᠦ᠂ ᠼᠦᠩ ᠮᠧᠶ᠂ ᠵᠢᠶᠠ ᡁᠢ ᠭᠠᠩ᠂ ᠵᠠᠩ ᠬᠤ᠋᠂ ᠰᠥᠩ ᠬᠤᠩ | ᠪᠢᠨ᠂ ᠲᠤᠯᠭᠠᠭᠤᠷᠢ᠂ ᠬᠤᠤ ᠱᠢ ᠵᠢᠶᠧ᠂ ᠯᠢᠦ ᠪᠢᠨ᠂ ᠵᠠᠩ ᠶᠦᠩ ᠵᠢᠶᠦ᠋ᠨ ᠵᠢᠴᠢ ᠬᠠᠮᠢᠶ᠎ᠠ ᠪᠥᠬᠦᠶ ᠰᠤᠮᠤ | ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ |