5 ᠳ᠋ᠤᠭᠠᠷ ᠰᠠᠷ᠎ᠠ ᠶᠢᠨ 3 ᠤ ᠡᠳᠦᠷ᠂ ᠥᠪᠥᠷ ᠮᠣᠩᠭᠤᠯ ᠤᠨ ᠤᠶᠠᠭᠠᠴᠢᠳ ᠤᠨ ᠨᠡᠶᠢᠭᠡᠮᠯᠢᠭ ᠪᠣᠯᠤᠨ ᠬᠤᠰᠢᠭᠤ | ︽ᠬᠤᠣᠬᠤᠩ ᠬᠦᠯᠦᠭ︾ ᠨᠡᠶᠢᠭᠡᠮᠯᠢᠭ ᠠᠴᠠ ᠬᠠᠮᠲᠤᠷᠠᠨ ᠵᠣᠬᠢᠶᠠᠨ ᠪᠠᠶᠢᠭᠤᠯᠵᠤ ᠡᠷᠭᠢᠯᠡᠭᠰᠡᠨ ᠬᠤᠷᠢᠨ ᠬᠤᠶᠠᠳᠤᠭᠠᠷ | ᠤᠳᠠᠭᠠᠨ ᠤ ︽ᠬᠤᠯᠤᠳᠤ ᠶᠢᠨ ᠬᠤᠷᠲᠦ︾ ᠤᠯᠠᠮᠵᠢᠯᠠᠯᠲᠤ ᠠᠯᠤᠰ ᠤᠨ ᠮᠤᠷᠢᠨ ᠤ ᠤᠷᠤᠯᠳᠤᠭᠠᠨ ᠮᠠᠨᠳᠠᠯᠲᠦ | ᠪᠠᠯᠭᠠᠰᠤᠨ ᠤ ᠰᠠᠷᠠᠭᠤᠯᠲᠠᠯ᠎ᠠ ᠭᠠᠴᠠᠭᠠᠨ ᠳᠤ ᠶᠠᠪᠤᠭᠳᠠᠪᠠ᠃ ᠤᠷᠤᠯᠳᠤᠭᠠᠨ ᠨᠢ ᠬᠤᠶᠠᠷ ᠡᠳᠦᠷ ᠤᠨ | ᠬᠤᠭᠤᠴᠠᠭ᠎ᠠ ᠲᠠᠢ ᠶᠠᠪᠤᠭᠳᠠᠵᠤ᠂ ᠨᠡᠶᠢᠲᠡ ᠳᠣᠯᠣᠭᠠᠨ ᠤᠷᠤᠯᠳᠤᠭᠠᠨ ᠤ ᠲᠥᠷᠥᠯ ᠵᠦᠢᠯ ᠬᠤᠪᠢᠶᠡᠵᠦ᠂ ᠣᠷᠳᠣᠰ᠂ | ᠤᠯᠠᠭᠠᠨᠬᠠᠳᠠ᠂ ᠤᠯᠠᠭᠠᠨᠴᠠᠪ ᠠᠶᠢᠮᠠᠭ ᠵᠢᠴᠢ ᠠᠪᠠᠭ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ ᠰᠢᠯᠤᠭᠤᠨ | ᠬᠥᠬᠡ ᠬᠤᠰᠢᠭᠤ᠂ ᠬᠥᠪᠡᠭᠡᠲᠦ ᠰᠢᠷ᠎ᠠ ᠬᠤᠰᠢᠭᠤ ᠵᠡᠷᠭᠡ ᠭᠠᠵᠠᠷ ᠠᠴᠠ ᠢᠷᠡᠭᠰᠡᠨ 300 ᠭᠠᠷᠤᠶ ᠤᠨᠠᠭᠠᠴᠢ | ᠤᠷᠤᠯᠳᠤᠭᠠᠨ ᠳᠤ ᠣᠷᠣᠯᠴᠠᠵᠤ᠂ 500 ᠭᠠᠷᠤᠶ ᠵᠤᠭᠠᠴᠠᠭᠰᠠᠳ ᠰᠣᠨᠢᠷᠬᠠᠭᠰᠠᠨ ᠪᠠᠶᠢᠨ᠎ᠠ᠃ | | ᠤᠷᠤᠯᠳᠤᠭᠠᠨ ᠤ ᠲᠤᠬᠠᠶ ᠶᠢᠨ ᠲᠠᠯᠠᠪᠤᠷ ᠲᠤ᠂ ᠬᠢᠨᠠᠭᠴᠢ ᠶᠢᠨ ︿ᠲᠠᠪᠬᠢᠯ᠎ᠠ﹀ ᠭᠡᠬᠦ ᠲᠠᠭᠤᠨ ᠢᠶᠠᠷ᠂ ᠤᠨᠠᠭᠠᠴᠢᠳ | ᠠᠭᠲᠠ ᠬᠥᠯᠦᠭ ᠢᠶᠠᠨ ᠬᠤᠷᠳᠤᠯᠠᠭᠤᠯᠵᠦ᠂ ᠲᠠᠰᠢᠭᠤᠷ ᠢᠶᠠᠨ ᠬᠤᠷᠦ᠋ᠢᠯᠠᠨ᠂ ᠳᠥᠷᠪᠡᠨ ᠵᠦᠭ ᠨᠠᠢᠮᠠᠨ ᠵᠣᠪᠬᠢᠰ ᠠᠴᠠ | ᠬᠦᠷᠦᠯᠴᠡᠨ ᠢᠷᠡᠭᠰᠡᠨ ᠮᠠᠯᠴᠢᠨ ᠲᠦᠮᠡᠨ ᠬᠦᠴᠦ ᠨᠡᠮᠡᠵᠦ᠂ ᠪᠠᠶᠠᠷᠯᠠᠨ ᠬᠠᠰᠬᠢᠷᠴᠤ᠂ ᠲᠤᠬᠠᠶ ᠶᠢᠨ ᠲᠠᠯᠠᠪᠠᠶ ᠶᠢᠨ | ᠠᠭᠤᠷ ᠠᠮᠢᠰᠬᠤᠯ ᠢ ᠣᠷᠭᠢᠯ ᠳᠤ ᠨᠢ ᠬᠦᠷᠭᠡᠭᠰᠡᠨ ᠪᠠᠶᠢᠯ᠎ᠠ᠃ | | | ᠡᠨᠡ ᠤᠳᠠᠭᠠᠨ ᠤ ᠠᠯᠤᠰ ᠤᠨ ᠮᠣᠷᠢᠨ ᠤ ᠤᠷᠤᠯᠳᠤᠭᠠᠨ ᠢ ᠡᠷᠬᠢᠯᠡᠭᠰᠡᠨ ᠨᠢ ᠥᠷᠭᠡᠨ ᠣᠯᠠᠨ ᠤᠶᠠᠭᠠᠴᠢᠳ ᠲᠤ | ᠤᠷ᠎ᠠ ᠮᠡᠷᠭᠡᠵᠢᠯ ᠢᠶᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠡᠯ᠎ᠡ ᠭᠠᠵᠠᠷ ᠤᠨ | ᠮᠣᠷᠢᠨ ᠳᠤ ᠪᠠᠭ᠋ᠠᠲᠠᠢ ᠬᠦᠮᠤᠰ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠨᠡᠮᠡᠭᠳᠡᠭᠦᠯᠵᠦ᠂ ᠲᠠᠯ᠎ᠠ | ᠨᠤᠲᠤᠭ ᠤᠨ ᠰᠣᠶᠣᠯ ᠤᠨ ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ | ᠪᠠᠶᠢᠨ᠎ᠠ᠃ |