ᠬᠤᠩᠭᠤᠷ ᠰᠤᠮᠤ 2025 ᠤᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠤᠷᠢᠭᠯᠠᠬᠤ ᠠᠵᠢᠯ ᠤᠨ ᠬᠤᠷᠠᠯ ᠢ ᠦᠷᠨᠢᠬᠦᠯᠪᠡ
ᠨᠡᠶᠢᠲᠡᠯᠡᠭᠰᠡᠨ ᠴᠠᠭ᠄
2025/5/19
     ᠬᠠᠪᠤᠷ ᠤᠨ ᠤᠯᠠᠷᠢᠯ ᠪᠤᠯ ᠠᠮᠢᠲᠠᠨ ᠤ ᠬᠢᠵᠢᠭ ᠡᠪᠡᠳᠴᠢᠨ ᠤᠯᠠᠨ ᠡᠬᠦᠰᠬᠦ ᠬᠤᠭᠤᠴᠠᠭ᠎ᠠ ᠪᠤᠯᠤᠨ᠎ᠠ᠂ ᠠᠮᠢᠲᠠᠨ ᠤ ᠬᠢᠵᠢᠭ ᠡᠪᠡᠳᠴᠢᠨ ᠢ ᠪᠦᠲᠦᠮᠵᠢᠲᠡᠢ ᠰᠡᠷᠬᠡᠶᠢᠯᠡᠨ ᠬᠢᠵᠠᠭᠠᠷᠯᠠᠵᠤ᠂ ᠮᠠᠯ ᠠᠵᠤ ᠠᠬᠤᠢ ᠶᠢᠨ ᠡᠷᠡᠬᠦᠯ ᠢᠶᠠᠷ ᠬᠦᠭᠵᠢᠬᠦ ᠪᠠ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠠᠮᠤᠷ ᠳᠦᠪᠰᠢᠨ ᠢ ᠪᠠᠲᠤᠯᠠᠬᠤ ᠶᠢᠨ ᠲᠤᠰᠠᠲᠠ᠂ ᠬᠤᠩᠭᠤᠷ ᠰᠤᠮᠤ ᠨᠢ 2025 ᠤᠨ ᠤ ᠬᠠᠪᠤᠷ ᠤᠨ ᠤᠯᠠᠷᠢᠯ ᠤᠨ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠤᠨ ᠬᠤᠷᠠᠯ ᠬᠤᠷᠠᠯᠳᠤᠪᠠ᠃ ᠰᠤᠮᠤᠨ ᠤ ᠵᠠᠰᠠᠭ ᠤᠨ ᠤᠷᠳᠤᠨ ᠤ ᠤᠳᠤᠷᠢᠳᠤᠯᠭ᠎ᠠ᠂ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠳᠡᠯᠭᠡᠷᠡᠬᠦᠯᠬᠦ ᠦᠢᠯᠡᠴᠢᠯᠡᠬᠡᠨ ᠤ ᠲᠦᠪ ᠤᠨ ᠠᠵᠢᠯᠲᠠᠨ᠂ ᠮᠠᠯ ᠡᠮᠨᠡᠯᠬᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠬᠤ ᠮᠠᠯ ᠠᠵᠤ ᠠᠬᠤᠢ ᠶᠢᠨ ᠦᠢᠯᠡᠴᠢᠯᠡᠬᠡᠨ ᠤ ᠠᠵᠤ ᠠᠬᠤᠶᠢᠯᠠᠯ ᠤᠨ ᠠᠵᠢᠯᠲᠠᠨ ᠵᠢᠴᠢ ᠬᠢᠵᠢᠭ ᠰᠡᠷᠭᠡᠶᠢᠯᠡᠭᠴᠢ ᠬᠤᠷᠠᠯ ᠳᠤ ᠤᠷᠤᠯᠴᠠᠪᠠ᠃      ᠬᠤᠷᠠᠯ ᠠᠴᠠ ︽ᠰᠦᠨᠢᠳ ᠵᠡᠬᠦᠨ ᠬᠤᠰᠢᠭᠤᠨ ᠤ 2025 ᠤᠨ ᠤ ᠮᠠᠯ ᠡᠮᠨᠡᠯᠭᠡ ᠶᠢᠨ ᠠᠵᠢᠯ ᠤᠨ ᠭᠤᠤᠯᠳᠠᠯᠭ᠎ᠠ︾ ᠶᠢᠨ ᠵᠤᠷᠢᠭ ᠰᠠᠨᠠᠭ᠎ᠠ ᠶᠢ ᠤᠯᠠᠮᠵᠢᠯᠠᠵᠤ᠂ ᠤᠶᠢᠷ᠎ᠠ ᠶᠢᠨ ᠬᠤᠭᠤᠴᠠᠭᠠᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠳᠤ ᠪᠠᠶᠢᠷᠢᠯᠠᠭᠤᠯᠤᠯᠲᠠ ᠬᠢᠵᠤ᠂ ᠬᠢᠵᠢᠭ ᠰᠡᠷᠬᠡᠶᠢᠯᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠬᠡᠶᠢᠯᠡᠨ ᠬᠤᠷᠢᠭᠯᠠᠬᠤ ᠠᠵᠢᠯ ᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠦᠷᠨᠢᠬᠦᠯᠬᠦ ᠬᠡᠷᠡᠭᠲᠡᠢ ᠬᠡᠵᠤ ᠱᠠᠭᠠᠷᠳᠠᠪᠠ᠃      ᠬᠤᠷᠠᠯ ᠤᠨ ᠳᠠᠷᠠᠭ᠎ᠠ᠂ ᠮᠠᠯ ᠠᠵᠤ ᠠᠬᠤᠢ ᠶᠢᠨ ᠦᠢᠯᠡᠴᠢᠯᠡᠬᠡᠨ ᠤ ᠠᠵᠤ ᠠᠬᠤᠶᠢᠯᠠᠯ ᠤᠨ ᠠᠵᠢᠯᠲᠠᠨ ᠨᠢ 5 ᠭᠠᠴᠠᠭᠠᠨ ᠳᠤ ᠲᠠᠷᠢᠯᠭ᠎ᠠ ᠶᠢᠨ ᠡᠳ᠋ ᠪᠤᠳᠠᠰ ᠲᠠᠷᠬᠠᠭᠠᠪᠠ᠃
 
ᠢᠷᠡᠯᠲᠡ᠄ ᠬᠤᠩᠭᠤᠷ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号