ᠮᠠᠯᠴᠢᠳ ᠤᠨ ᠦᠢᠯᠡᠳᠪᠤᠷᠢᠯᠡᠯ ᠠᠮᠢᠳᠤᠷᠠᠯ ᠤᠨ ᠳᠠᠷᠤᠭᠠᠰᠤ ᠶᠢ ᠬᠦᠩᠭᠡᠷᠡᠭᠦᠯᠵᠤ᠂ ᠬᠠᠪᠤᠷ ᠤᠨ ᠤᠯᠠᠷᠢᠯ ᠤᠨ | ᠪᠡᠯᠴᠢᠭᠡᠷ ᠰᠡᠷᠭᠦᠬᠡᠬᠦ ᠬᠤᠭᠤᠴᠠᠭᠠᠨ ᠤ ᠬᠠᠰᠢᠶᠠᠯᠠᠭ᠎ᠠ ᠶᠢᠨ ᠠᠵᠢᠯ ᠢ ᠡᠮᠬᠢ ᠳᠢᠭᠯᠢᠮ ᠲᠠᠢ᠂ ᠮᠠᠯ ᠠᠵᠤ ᠠᠬᠤᠢ ᠶᠢᠨ | ᠲᠤᠭᠲᠠᠭᠤᠨ ᠬᠦᠭᠵᠢᠯᠲᠡ ᠶᠢ ᠪᠦᠲᠦᠮᠵᠢᠲᠡᠢ ᠠᠬᠢᠭᠤᠯᠬᠤ ᠶᠢᠨ ᠲᠤᠰᠠᠳᠠ᠂ 4 ᠰᠠᠷ᠎ᠠ ᠶᠢᠨ17 ᠤ ᠡᠳᠦᠷ᠂ | ᠬᠤᠩᠭᠤᠷ ᠰᠤᠮᠤᠨ ᠤ ᠦᠷᠨᠢᠯᠲᠡ ᠭᠠᠴᠠᠭ᠎ᠠ ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | 2024 ᠤᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠠᠰᠢᠭ ᠤᠷᠤᠯᠭ᠎ᠠ ᠪᠠᠷ ᠬᠤᠳᠠᠯᠳᠤᠨ ᠠᠪᠤᠭᠰᠠᠨ | ᠡᠪᠡᠰᠤ ᠶᠢ ᠮᠠᠯᠵᠢᠬᠤ ᠡᠷᠦᠬᠡ ᠳᠤ ᠦᠨ᠎ᠡ ᠲᠦᠯᠦᠪᠦᠷᠢ ᠦᠬᠡᠢ ᠲᠠᠷᠬᠠᠭᠠᠵᠤ᠂ ᠬᠠᠮᠲᠤ ᠶᠢᠨ ᠠᠵᠤ ᠠᠬᠤᠢ ᠶᠢᠨ | ᠬᠦᠭᠵᠢᠯᠲᠡ ᠶᠢᠨ ᠦᠷ᠎ᠡ ᠪᠦᠲᠦᠬᠡᠯ ᠢ ᠦᠨᠡᠨᠬᠦ ᠠᠷᠠᠳ ᠤᠨ ᠬᠦᠴᠢᠷᠳᠡᠯ ᠢ ᠬᠦᠩᠭᠡᠯᠡᠵᠤ᠂ ᠠᠷᠠᠳ ᠤᠨ ᠠᠮᠢᠳᠤᠷᠠᠯ ᠢ | ᠬᠠᠷᠠᠭᠠᠯᠵᠠᠬᠤ ᠪᠤᠳᠠᠳᠤ ᠦᠢᠯᠡᠳᠦᠯᠭᠡ ᠪᠤᠯᠭᠠᠪᠠ᠃ | ᠡᠪᠡᠰᠤ ᠶᠢ ᠤᠨᠤᠪᠴᠢᠲᠠᠢ ᠲᠠᠷᠬᠠᠭᠠᠬᠤ ᠶᠢᠨ ᠲᠤᠰᠠᠳᠠ᠂ ︽ᠭᠠᠴᠠᠭ᠎ᠠ + ᠨᠠᠮ ᠤᠨ ᠬᠡᠰᠢᠬᠦᠨ | ᠭᠤᠤᠯᠳᠠᠯᠭᠠᠲᠤ ᠡᠷᠦᠬᠡ + ᠲᠠᠯ᠎ᠠ ᠨᠤᠲᠤᠭ ᠤᠨ ᠲᠤᠤᠷᠴᠢᠯᠠᠭᠰᠠᠨ ᠠᠵᠢᠯᠲᠠᠨ︾ ᠢᠶᠠᠷ ᠪᠦᠷᠢᠯᠳᠦᠭᠰᠡᠨ | ᠭᠤᠷᠪᠠᠨ ᠱᠠᠲᠤ ᠪᠠᠷ ᠬᠦᠳᠡᠯᠦᠯᠴᠡᠬᠦ ᠶᠢ ᠢᠳᠡᠪᠬᠢᠲᠡᠢ ᠬᠡᠷᠡᠭᠵᠢᠬᠦᠯᠵᠦ᠂ ︽ᠳᠠᠩᠰᠠᠯᠠᠬᠤ — ᠬᠠᠷᠭᠤᠭᠤᠯᠬᠤ | — ᠠᠪᠬᠤ — ᠲᠡᠬᠡᠭᠡᠪᠦᠷᠢᠯᠡᠬᠦ︾ ᠶᠠᠪᠤᠴᠠ ᠪᠠᠷ ᠲᠠᠷᠬᠠᠭᠠᠪᠠ᠃ ᠮᠠᠯᠴᠢᠳ ᠲᠤᠬᠢᠷᠠᠭᠤᠯᠤᠯᠲᠠ ᠶᠤᠰᠤᠭᠠᠷ | ᠡᠪᠡᠰᠤ ᠪᠠᠨ ᠠᠪᠴᠤ᠂ ᠭᠠᠴᠠᠭᠠᠨ ᠤ ︽ᠭᠤᠷᠪᠠᠨ ᠵᠦᠪᠯᠡᠯ︾ ᠤᠨ ᠠᠵᠢᠯᠲᠠᠳ ᠲᠡᠮᠳᠡᠭᠯᠡᠨ ᠡᠨᠡ ᠬᠦ ᠠᠵᠢᠯᠯᠠᠭ᠎ᠠ | ᠡᠷᠴᠢᠮ ᠲᠠᠢ ᠶᠠᠪᠤᠭᠳᠠᠪᠠ᠃ ᠤᠳᠤ ᠪᠤᠯᠲᠠᠯ᠎ᠠ 60 ᠭᠠᠷᠤᠢ ᠳᠤᠨ ᠲᠠᠷᠬᠠᠭᠠᠵᠤ᠂ 89 ᠡᠷᠦᠬᠡ ᠳᠤ ᠠᠰᠢᠭ | ᠬᠦᠷᠲᠡᠬᠡᠵᠤ᠂ ᠮᠠᠯᠴᠢᠳ ᠢ ᠬᠠᠪᠰᠤᠷᠤᠨ ᠡᠪᠡᠰᠤ ᠪᠤᠷᠳᠤᠭ᠎ᠠ ᠶᠢᠨ ᠵᠠᠷᠤᠯᠭ᠎ᠠ ᠶᠢ ᠪᠠᠷᠤᠭ 7 ᠲᠦᠮᠡ ᠭᠠᠷᠤᠢ | ᠲᠦᠬᠦᠷᠢᠭ ᠠᠷᠪᠢᠯᠠᠵᠠᠢ᠃ ᠡᠨᠡ ᠨᠢ ᠮᠠᠯᠴᠢᠳ ᠤᠨ ᠬᠠᠪᠤᠷ ᠤᠨ ᠬᠤᠭᠤᠴᠠᠭᠠᠨ ᠤ ᠡᠪᠡᠰᠤ ᠪᠤᠷᠳᠤᠭ᠎ᠠ ᠨᠦᠬᠡᠴᠡᠯᠡᠬᠦ | ᠳᠠᠷᠤᠯᠲᠠ ᠶᠢ ᠪᠦᠲᠦᠮᠵᠢᠲᠡᠢ ᠨᠠᠮᠳᠠᠭᠤᠯᠤᠭᠰᠠᠨ ᠪᠦᠬᠡᠳ ᠮᠠᠯᠴᠢᠳ ᠲᠤ ᠭᠠᠴᠠᠭᠠᠨ ᠤ ᠬᠠᠮᠲᠤ ᠶᠢᠨ ᠠᠵᠤ ᠠᠬᠤᠢ | ᠶᠢᠨ ᠬᠦᠭᠵᠢᠯᠲᠡ ᠶᠢᠨ ᠦᠷ᠎ᠡ ᠠᠰᠢᠭ ᠢ ᠦᠨᠡᠨᠬᠦ ᠡᠳ᠋ᠯᠡᠬᠦᠯᠦᠭᠰᠡᠨ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠬᠤᠩᠭᠤᠷ ᠰᠤᠮᠤᠨ ᠤ ᠦᠷᠨᠢᠯᠲᠡ ᠭᠠᠴᠠᠭ᠎ᠠ ᠮᠠᠯᠴᠢᠳ ᠤᠨ ᠬᠡᠷᠡᠭᠴᠡᠭᠡ | ᠱᠠᠭᠠᠷᠳᠠᠯᠭ᠎ᠠ ᠶᠢ ᠦᠷᠬᠦᠯᠵᠢᠯᠡᠨ ᠠᠩᠬᠠᠷᠴᠤ᠂ ᠨᠡᠩ ᠤᠯᠠᠨ ᠬᠠᠪᠰᠤᠷᠤᠨ ᠳᠡᠳᠬᠦᠬᠦ ᠠᠵᠢᠯᠯᠠᠭ᠎ᠠ ᠶᠢ ᠢᠳᠡᠪᠬᠢᠲᠡᠢ | ᠦᠷᠨᠢᠬᠦᠯᠵᠤ᠂ ᠮᠠᠯᠴᠢᠳ ᠤᠨ ᠦᠢᠯᠡᠳᠪᠦᠷᠢᠯᠡᠯ ᠠᠮᠢᠳᠣᠷᠠᠯ ᠤᠨ ᠪᠠᠲᠤᠯᠠᠭᠠᠨ ᠤ ᠦᠢᠯᠡᠴᠢᠯᠡᠬᠡᠨ ᠤ ᠠᠵᠢᠯ ᠢ | ᠰᠠᠶᠢᠲᠤᠷ ᠬᠢᠨ᠎ᠡ᠃ |