ᠬᠤᠩᠭᠤᠷ ᠰᠤᠮᠤ᠄ ᠭᠠᠴᠠᠭᠠᠨ ᠤ ᠪᠡᠯᠡᠳᠬᠡᠯ ᠺᠠᠳ᠋ᠷ ᠤᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠵᠤ ᠦᠨᠳᠦᠰᠦᠨ ᠱᠠᠲᠤᠨ ᠤ ᠵᠠᠰᠠᠯᠲᠠ ᠶᠢᠨ ᠰᠠᠭᠤᠷᠢ ᠶᠢ ᠪᠠᠬᠢᠵᠢᠬᠦᠯᠪᠡ
ᠨᠡᠶᠢᠲᠡᠯᠡᠭᠰᠡᠨ ᠴᠠᠭ᠄
2025/5/19
   ᠤᠶᠢᠷ᠎ᠠ ᠶᠢᠨ ᠵᠢᠯ ᠤᠳ ᠲᠤ᠂ ᠬᠤᠩᠭᠤᠷ ᠰᠤᠮᠤ ᠭᠠᠴᠠᠭᠠᠨ ᠤ ᠪᠡᠯᠡᠳᠬᠡᠯ ᠺᠠᠳ᠋ᠷ ᠤᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠶᠢᠨ ᠴᠢᠬᠤᠯᠠ ᠭᠠᠷᠳᠠᠴᠠ ᠪᠤᠯᠭᠠᠵᠤ᠂ ᠤᠯᠠᠨ ᠲᠠᠯ᠎ᠠ ᠪᠠᠷ ᠬᠦᠴᠦᠯᠡᠬᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠪᠠᠷ ᠳᠠᠮᠵᠢᠭᠤᠯᠤᠨ᠂ ᠭᠠᠴᠠᠭᠠᠨ ᠤ ᠪᠡᠯᠡᠳᠬᠡᠯ ᠺᠠᠳ᠋ᠷ ᠢ ᠬᠦᠮᠦᠵᠢᠬᠦᠯᠦᠨ ᠨᠦᠬᠡᠴᠡᠯᠡᠬᠦ ᠠᠵᠢᠯ ᠢ ᠪᠤᠳᠠᠳᠠᠢ ᠠᠳᠬᠤᠵᠤ᠂ ᠦᠨᠳᠦᠰᠦᠨ ᠱᠠᠳᠤᠨ ᠤ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢᠨ ᠪᠦᠲᠦᠬᠡᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃    ᠦᠨᠳᠦᠷ ᠪᠠᠷᠢᠮᠵᠢᠶ᠎ᠠ ᠪᠠᠷ ᠬᠦᠮᠦᠨ ᠰᠤᠩᠭᠤᠵᠤ᠂ ᠭᠠᠴᠠᠭᠠᠨ ᠤ ᠪᠡᠯᠡᠳᠬᠡᠯ ᠺᠠᠳ᠋ᠷ ᠲᠤ ︽ᠤᠷᠤᠬᠤ ᠪᠤᠭᠤᠮᠲᠠ︾ ᠶᠢ ᠴᠢᠩᠭ᠎ᠠ ᠠᠳᠬᠤᠪᠠ᠃ ᠤᠯᠤᠰ ᠲᠦᠷᠦ ᠶᠢᠨ ᠬᠡᠪ ᠴᠢᠨᠠᠷ ᠢᠶᠠᠷ ᠰᠠᠶᠢᠨ᠂ ᠶᠤᠰᠤ ᠮᠤᠷᠠᠯ ᠵᠠᠩ ᠰᠤᠷᠳᠠᠯ ᠢᠶᠠᠷ ᠰᠠᠶᠢᠨ᠂ ᠵᠤᠬᠢᠴᠠᠭᠤᠯᠬᠤ ᠴᠢᠳᠠᠪᠤᠷᠢ ᠪᠠᠷ ᠴᠢᠩᠭ᠎ᠠ᠂ ᠰᠤᠶᠤᠯ ᠤᠨ ᠬᠢᠷᠢ ᠬᠡᠮᠵᠢᠶ᠎ᠡ ᠪᠠᠷ ᠦᠨᠳᠦᠷ᠂ ᠭᠠᠴᠠᠭᠠᠨ ᠤ ᠬᠡᠷᠡᠭ ᠶᠠᠪᠤᠳᠠᠯ ᠳᠤ ᠤᠷᠤᠯᠴᠠᠬᠤ ᠢᠳᠡᠪᠬᠢᠵᠢᠯ ᠢᠶᠠᠷ ᠦᠨᠳᠦᠷ ᠪᠠᠶᠢᠬᠤ ᠶᠢ ᠰᠤᠩᠭᠤᠨ ᠬᠡᠷᠡᠭᠯᠡᠬᠦ ᠪᠠᠷᠢᠮᠵᠢᠶ᠎ᠠ ᠪᠤᠯᠭᠠᠪᠠ᠃ ᠭᠠᠴᠠᠭᠠᠨ ᠤ ᠰᠢᠯᠢᠳᠡᠭ ᠨᠠᠮ ᠤᠨ ᠬᠡᠰᠢᠬᠦᠨ᠂ ᠪᠠᠶᠠᠵᠢᠯ ᠤᠨ ᠴᠢᠳᠠᠪᠤᠷᠢᠲᠠᠨ᠂ ᠮᠠᠯᠵᠢᠬᠤ ᠤᠷᠤᠨ ᠤ ᠮᠡᠷᠭᠡᠵᠢᠯ ᠤᠨ ᠴᠢᠳᠠᠪᠤᠷᠢᠲᠠᠨ᠂ ᠴᠡᠷᠢᠭ ᠠᠴᠠ ᠬᠠᠯᠠᠭᠳᠠᠭᠰᠠᠳ᠂ ᠶᠡᠭᠡ ᠰᠤᠷᠭᠠᠭᠤᠯᠢ ᠲᠡᠬᠦᠰᠦᠭᠰᠡᠳ᠂ ᠭᠠᠴᠠᠭᠠᠨ ᠤ ᠭᠠᠳᠠᠨᠠᠬᠢ ᠴᠢᠳᠠᠪᠤᠷᠢᠲᠠᠨ ᠵᠡᠷᠭᠡ ᠬᠦᠮᠦᠰ ᠤᠨ ᠳᠤᠳᠤᠷ᠎ᠠ ᠠᠴᠠ ᠭᠠᠴᠠᠭᠠᠨ ᠤ ᠪᠡᠯᠡᠳᠬᠡᠯ ᠺᠠᠳ᠋ᠷ ᠢ ᠭᠤᠤᠯᠳᠠᠯᠭ᠎ᠠ ᠲᠠᠢ ᠰᠤᠩᠭᠤᠬᠤ ᠶᠢᠨ ᠬᠠᠮᠲᠤ᠂ ᠭᠠᠴᠠᠭᠠᠨ ᠤ ᠪᠡᠯᠡᠳᠬᠡᠯ ᠺᠠᠳ᠋ᠷ ᠢ ᠲᠦᠷᠦᠯ ᠬᠤᠪᠢᠶᠠᠨ ᠳᠠᠩᠰᠠᠯᠠᠵᠤ᠂ ᠬᠦᠳᠡᠯᠦᠩᠬᠦᠢ ᠪᠠᠷ ᠬᠠᠮᠢᠶᠠᠷᠴᠤ᠂ ᠴᠠᠭ ᠲᠤᠬᠠᠢ ᠳᠤᠨᠢ ᠲᠤᠬᠢᠷᠠᠭᠤᠯᠬᠤ ᠬᠡᠷᠡᠭᠲᠡᠢ᠃ ᠤᠳᠤᠬᠠᠨ ᠳᠤ᠂ ᠪᠦᠬᠦ ᠰᠤᠮᠤᠨ ᠤ ᠨᠦᠭᠡᠴᠡ ᠭᠠᠴᠠᠭᠠᠨ ᠤ ᠪᠡᠯᠡᠳᠬᠡᠯ ᠺᠠᠳ᠋ᠷ 24 ᠬᠦᠮᠦᠨ ᠪᠠᠶᠢᠵᠤ᠂ ᠡᠬᠦᠨ ᠳᠤ ᠭᠠᠴᠠᠭᠠᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠱᠦᠵᠢ 9 ᠬᠦᠮᠦᠨ ᠪᠠᠶᠢᠨ᠎ᠠ᠃    ᠬᠦᠮᠦᠨ ᠢ ᠬᠦᠮᠦᠵᠢᠬᠦᠯᠬᠦ ᠶᠢ ᠴᠢᠩᠭ᠎ᠠ ᠱᠠᠭᠠᠷᠳᠠᠵᠤ᠂ ᠭᠠᠴᠠᠭᠠᠨ ᠤ ᠪᠡᠯᠡᠳᠬᠡᠯ ᠺᠠᠳ᠋ᠷ ᠢ ᠬᠦᠮᠦᠵᠢᠬᠦᠯᠦᠨ ᠪᠤᠯᠪᠠᠰᠤᠷᠠᠭᠤᠯᠬᠤ ᠶᠢ ᠴᠢᠩᠭᠠᠳᠬᠠᠪᠠ᠃ ᠭᠠᠴᠠᠭᠠᠨ ᠤ ᠪᠡᠯᠡᠳᠬᠡᠯ ᠺᠠᠳ᠋ᠷ ᠢ ᠢᠳᠡᠪᠬᠢᠲᠡᠢ ᠪᠠᠷ ᠵᠤᠬᠢᠶᠠᠨ ᠪᠠᠶᠢᠭᠤᠯᠤᠨ ᠠᠶᠢᠮᠠᠭ ᠬᠤᠰᠢᠭᠤ ᠬᠤᠶᠠᠷ ᠱᠠᠲᠤᠨ ᠤ ᠦᠷᠨᠢᠬᠦᠯᠦᠭᠰᠡᠨ ᠲᠦᠷᠦ ᠶᠢᠨ ᠪᠤᠳᠤᠯᠭ᠎ᠠ ᠶᠢᠨ ᠤᠨᠤᠯ ᠤᠨ ᠲᠤᠰᠬᠠᠢ ᠰᠡᠳᠤᠪᠲᠤ ᠰᠤᠷᠤᠯᠴᠠᠯᠭ᠎ᠠ ᠪᠠ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠦᠭᠵᠢᠯᠲᠡ ᠶᠢᠨ ᠪᠤᠯᠪᠠᠰᠤᠷᠠᠯ ᠳᠤ ᠤᠷᠤᠯᠴᠠᠭᠤᠯᠵᠤ᠂ ᠪᠡᠯᠡᠳᠬᠡᠯ ᠺᠠᠳ᠋ᠷ ᠤᠨ ᠶᠡᠷᠤᠩᠭᠡᠶᠢᠯᠡᠭᠰᠡᠨ ᠬᠡᠪ ᠴᠢᠨᠠᠷ ᠢ ᠲᠠᠰᠤᠷᠠᠯᠲᠠ ᠦᠬᠡᠢ ᠳᠡᠭᠡᠭᠰᠢᠯᠡᠬᠦᠯᠪᠡ᠃ ᠭᠠᠴᠠᠭᠠᠨ ᠤ ᠪᠡᠯᠡᠳᠬᠡᠯ ᠺᠠᠳ᠋ᠷ ᠤᠨ ᠬᠤᠪᠢ ᠬᠦᠮᠦᠨ ᠤ ᠲᠤᠰᠬᠠᠢ ᠮᠡᠷᠭᠡᠵᠢᠯ ᠤᠨ ᠤᠨᠴᠠᠯᠢᠭ ᠲᠤ  ᠨᠢ ᠬᠠᠨᠳᠤᠭᠤᠯᠵᠤ᠂ ᠭᠠᠴᠠᠭᠠᠨ ᠤ ᠬᠡᠷᠡᠭ ᠶᠠᠪᠤᠳᠠᠯ ᠢ ᠬᠠᠪᠰᠤᠷᠤᠨ ᠰᠢᠢᠳᠪᠤᠷᠢᠯᠡᠵᠤ᠂ ᠠᠵᠢᠯ ᠤᠨ ᠪᠠᠶᠢᠷᠢ ᠶᠢᠨ ᠪᠤᠯᠪᠠᠰᠤᠷᠠᠯ ᠢ ᠤᠷᠢᠳᠴᠢᠯᠠᠨ ᠬᠦᠷᠲᠡᠬᠡᠪᠡ᠃ ᠡᠬᠦᠨ ᠤ ᠬᠠᠮᠲᠤ᠂ ᠰᠤᠮᠤᠨ ᠤ ᠺᠠᠳ᠋ᠷ᠂ ᠭᠠᠴᠠᠭᠠᠨ ᠤ ︽ᠬᠤᠶᠠᠷ ᠵᠦᠪᠯᠡᠯ︾ ᠤᠨ ᠪᠦᠷᠢᠯᠳᠦᠬᠦᠨ᠂ ᠭᠠᠴᠠᠭᠠᠨ ᠤ ᠨᠢᠬᠡᠳᠤᠭᠡᠷ ᠱᠦᠵᠢ ᠶᠢᠨ ︽ᠤᠯᠠᠯᠮᠵᠢᠯᠠᠬᠤ ᠬᠠᠪᠰᠤᠷᠬᠤ ᠳᠠᠭᠠᠭᠤᠯᠬᠤ︾ ᠦᠢᠯᠡᠳᠦᠯ ᠢ ᠪᠠᠳᠠᠷᠠᠭᠤᠯᠵᠤ᠂ ᠭᠠᠴᠠᠭᠠᠨ ᠤ ᠪᠡᠯᠡᠳᠬᠡᠯ ᠺᠠᠳ᠋ᠷ ᠲᠤ ᠲᠤᠷᠰᠢᠯᠭ᠎ᠠ ᠪᠠᠨ ᠤᠯᠠᠮᠵᠢᠯᠠᠵᠤ᠂ ᠭᠠᠴᠠᠭᠠᠨ ᠤ ᠪᠡᠯᠡᠳᠬᠡᠯ ᠺᠠᠳ᠋ᠷ ᠤᠨ ᠦᠰᠦᠨ ᠪᠤᠶᠢᠵᠢᠯᠲᠠ ᠳᠤ ᠬᠦᠴᠦ ᠨᠡᠮᠡᠷᠢᠯᠡᠪᠡ᠃    ᠪᠤᠳᠠᠳᠠᠢ ᠪᠠᠷ ᠬᠦᠮᠦᠨ ᠬᠡᠷᠡᠭᠯᠡᠬᠦ ᠶᠢ ᠴᠢᠬᠤᠯᠠᠴᠢᠯᠠᠵᠤ᠂ ᠭᠠᠴᠠᠭᠠᠨ ᠤ ᠪᠡᠯᠡᠳᠬᠡᠯ ᠺᠠᠳ᠋ᠷᠴᠤᠳ ᠤᠨ ᠨᠦᠬᠡᠴᠡ ᠬᠦᠴᠦᠨ ᠢ ᠠᠮᠢᠯᠠᠭᠤᠯᠪᠠ᠃ ᠢᠯᠡᠷᠡᠯ ᠢᠶᠠᠷ ᠰᠢᠯᠢᠳᠡᠭ᠂ ᠪᠦᠲᠦᠮᠵᠢ ᠪᠠᠷ ᠳᠤᠪᠤᠶᠢᠮ᠎ᠠ ᠭᠠᠴᠠᠭᠠᠨ ᠤ ᠪᠡᠯᠡᠳᠬᠡᠯ ᠺᠠᠳ᠋ᠷ ᠢ ᠨᠠᠮ ᠤᠨ ᠬᠡᠰᠢᠬᠦᠨ ᠡᠯᠰᠡᠬᠦ᠂ ᠲᠡᠷᠢᠬᠦᠨ ᠤ ᠬᠢ ᠶᠢ ᠰᠢᠯᠭᠠᠷᠠᠭᠤᠯᠬᠤ᠂ ︽ᠬᠤᠶᠠᠷ ᠲᠦᠯᠦᠬᠡᠯᠡᠭᠴᠢ ᠨᠢᠬᠡ ᠬᠡᠰᠢᠬᠦᠨ︾ ᠢ ᠰᠤᠩᠭᠤᠨ ᠭᠠᠷᠭᠠᠬᠤ ᠳᠤᠮᠳᠠ ᠠᠴᠠ ᠤᠷᠢᠳᠠᠪᠠᠷ ᠪᠤᠳᠤᠯᠬᠢᠯᠠᠵᠤ᠂ ᠤᠳᠤ ᠪᠤᠯᠳᠠᠯ᠎ᠠ ᠭᠠᠴᠠᠭᠠᠨ ᠤ ᠪᠡᠯᠡᠳᠬᠡᠯ ᠺᠠᠳ᠋ᠷ ᠤᠨ ᠳᠤᠲᠤᠷ᠎ᠠ ᠠᠴᠠ 5 ᠨᠠᠮ ᠤᠨ ᠬᠡᠰᠢᠬᠦᠨ᠂ 2 ᠢᠳᠡᠪᠬᠢᠲᠡᠨ ᠡᠯᠰᠡᠪᠡ᠃ ᠡᠬᠦᠨ ᠠᠴᠠ ᠭᠠᠳᠠᠨ᠎ᠠ᠂ ᠵᠠᠷᠴᠢᠮ ᠶᠤᠰᠤᠭᠠᠷ ᠭᠠᠴᠠᠭᠠᠨ ᠤ ︽ᠬᠤᠶᠠᠷ ᠵᠦᠪᠯᠡᠯ︾ ᠤᠨ ᠪᠠᠭ ᠲᠤ ᠲᠤᠰᠢᠶᠠᠯ ᠡᠬᠦᠷᠬᠡᠯᠡᠬᠦᠯᠵᠤ᠂ ᠤᠷᠮᠠᠰᠢᠭᠤᠯᠬᠤ ᠪᠠᠲᠤᠯᠠᠭ᠎ᠠ ᠶᠢ ᠴᠢᠩᠭᠠᠳᠬᠠᠨ᠂ ᠬᠠᠷᠢᠭᠤᠴᠠᠯᠭ᠎ᠠ ᠡᠬᠦᠷᠬᠡᠯᠡᠨ ᠠᠵᠢᠯ ᠬᠢᠬᠦ ᠶᠢ ᠠᠬᠢᠭᠤᠯᠪᠠ᠃ 2021 ᠤᠨ ᠤ ᠬᠤᠭᠤᠴᠠᠭ᠎ᠠ ᠰᠤᠯᠢᠬᠤ ᠰᠤᠩᠭᠤᠭᠤᠯᠢ ᠠᠴᠠ ᠨᠠᠰᠢ᠂ 2 ᠪᠡᠯᠡᠳᠬᠡᠯ ᠺᠠᠳ᠋ᠷ ᠢ ᠭᠠᠴᠠᠭᠠᠨ ᠤ ︽ᠬᠤᠶᠠᠷ ᠵᠦᠪᠯᠡᠯ︾ ᠳᠤ ᠰᠤᠩᠭᠤᠨ ᠲᠤᠮᠢᠯᠠᠵᠤ᠂ ᠡᠬᠦᠨ ᠳᠤ 1 ᠬᠦᠮᠦᠨ ᠨᠢ ᠭᠠᠴᠠᠭᠠᠨ ᠤ ᠨᠠᠮ ᠤᠨ ᠡᠬᠦᠷ ᠤᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠪᠠᠶᠢᠨ᠎ᠠ᠃ ᠡᠬᠦᠨ ᠤ ᠬᠠᠮᠲᠤ᠂ ᠭᠠᠴᠠᠭᠠᠨ ᠤ ᠤᠳᠤ ᠶᠢᠨ ᠺᠠᠳ᠋ᠷᠴᠤᠳ  ᠤᠨ ᠴᠠᠯᠢᠩ ᠢ ᠨᠠᠶᠢᠳᠠᠪᠤᠷᠢᠵᠢᠭᠤᠯᠬᠤ ᠶᠢ ᠴᠢᠩᠭ᠎ᠠ ᠪᠠᠲᠤᠯᠠᠵᠤ᠂ ᠵᠦᠪ ᠴᠢᠭᠯᠡᠯ ᠢᠶᠠᠷ ᠤᠷᠮᠠᠰᠢᠭᠤᠯᠪᠠ᠃ ᠭᠠᠴᠠᠭᠠᠨ  ᠤ ︽ᠬᠤᠶᠠᠷ ᠵᠦᠪᠯᠡᠯ︾ ᠤᠨ ᠺᠠᠳ᠋ᠷᠴᠤᠳ ᠤᠨ ᠴᠠᠯᠢᠩ ᠬᠦᠯᠦᠰᠦ ᠶᠢᠨ ᠪᠠᠷᠢᠮᠵᠢᠶ᠎ᠠ ᠶᠢ ᠲᠤᠬᠢᠷᠠᠭᠤᠯᠤᠭᠰᠠᠨ ᠤ ᠳᠠᠷᠠᠭ᠎ᠠ᠂ ᠭᠠᠴᠠᠭᠠᠨ ᠤ ︽ᠨᠢᠬᠡ ᠮᠦᠷᠦ ᠪᠠᠷ ᠳᠠᠮᠨᠠᠬᠤ︾ ᠰᠠᠷ᠎ᠠ ᠪᠦᠷᠢ ᠶᠢᠨ ᠦᠰᠦᠯᠲᠡ ᠶᠢᠨ ᠬᠡᠮᠵᠢᠶ᠎ᠡ ᠨᠢ ᠮᠢᠩᠭ᠎ᠠ ᠭᠠᠷᠤᠢ ᠲᠦᠬᠦᠷᠢᠭ ᠬᠦᠷᠴᠦ᠂ ᠪᠤᠰᠤᠳ ᠭᠠᠴᠠᠭᠠᠨ ᠤ ︽ᠬᠤᠶᠠᠷ ᠵᠦᠪᠯᠡᠯ︾ ᠤᠨ ᠺᠠᠳ᠋ᠷᠴᠤᠳ ᠤᠨ ᠰᠠᠷ᠎ᠠ ᠪᠦᠷᠢ ᠶᠢᠨ ᠦᠰᠦᠯᠲᠡ ᠶᠢᠨ ᠬᠡᠮᠵᠢᠶ᠎ᠡ ᠨᠢ ᠪᠠᠷᠤᠭ ᠵᠢᠷᠭᠤᠭᠠᠨ ᠵᠠᠭᠤᠨ ᠲᠦᠬᠦᠷᠢᠭ ᠬᠦᠷᠴᠡᠢ᠃    ᠳᠠᠷᠠᠭᠠᠴᠢ ᠶᠢᠨ ᠠᠯᠬᠤᠮ ᠳᠤ᠂ ᠬᠤᠩᠭᠤᠷ ᠰᠤᠮᠤᠨ ᠤ ᠬᠢᠨ ᠭᠠᠴᠠᠭᠠᠨ ᠤ ᠪᠡᠯᠡᠳᠬᠡᠯ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠦᠷᠬᠦᠯᠵᠢᠯᠡᠨ ᠠᠬᠢᠭᠤᠯᠵᠤ᠂ ᠬᠤᠭᠤᠴᠠᠭ᠎ᠠ ᠰᠤᠯᠢᠬᠤ ᠰᠤᠩᠭᠤᠭᠤᠯᠢ ᠶᠢᠨ ᠪᠡᠯᠡᠳᠬᠡᠯ ᠠᠵᠢᠯ ᠢ ᠰᠠᠶᠢᠲᠤᠷ ᠬᠢᠵᠤ᠂ ᠠᠵᠢᠯ ᠬᠢᠬᠦ ᠰᠠᠨᠠᠭᠠᠲᠠᠢ᠂ ᠠᠵᠢᠯ ᠬᠢᠵᠤ ᠳᠡᠶᠢᠯᠬᠦ ᠺᠠᠳ᠋ᠷᠴᠤᠳ ᠲᠤ ᠠᠵᠢᠯ ᠬᠢᠵᠦ ᠦᠢᠯᠡᠰ ᠴᠤᠭᠴᠠᠯᠠᠬᠤ ᠰᠠᠶᠢᠨ ᠰᠠᠶᠢᠬᠠᠨ ᠤᠷᠴᠢᠨ ᠨᠦᠬᠦᠴᠡᠯ ᠢ ᠡᠬᠦᠳᠦᠨ ᠦᠭᠴᠦ᠂ ᠳᠡᠳᠡᠨ ᠤ ᠦᠨᠳᠦᠰᠦᠨ ᠱᠠᠲᠤᠨ ᠤ ᠦᠷᠬᠡᠨ ᠠᠭᠤᠳᠠᠮ ᠲᠠᠪᠴᠠᠩ ᠳᠤ ᠶᠡᠷᠤ ᠪᠤᠰᠤ ᠶᠢᠨ ᠠᠮᠵᠢᠯᠲᠠ ᠪᠦᠲᠦᠮᠵᠢ ᠭᠠᠷᠭᠠᠬᠤ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠬᠤᠩᠭᠤᠷ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号