ᠬᠤᠩᠭᠤᠷ ᠰᠤᠮᠤ 2025 ᠤᠨ ᠤ ᠬᠤᠶᠠᠷ ᠱᠠᠲᠤᠨ ᠤ ᠺᠠᠳ᠋ᠷᠴᠤᠳ ᠤᠨ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/19
   4 ᠰᠠᠷ᠎ᠠ ᠶᠢᠨ 2 ᠤ ᠡᠳᠦᠷ᠂ ᠬᠤᠩᠭᠤᠷ ᠰᠤᠮᠤ 2025 ᠤᠨ ᠤ ᠬᠤᠶᠠᠷ ᠱᠠᠲᠤᠨ ᠤ ᠺᠠᠳ᠋ᠷᠴᠤᠳ ᠤᠨ ᠠᠵᠢᠯ ᠤᠨ ᠬᠤᠷᠠᠯ ᠬᠤᠷᠠᠯᠳᠤᠭᠤᠯᠵᠤ᠂ ᠡᠯ᠎ᠡ ᠭᠠᠴᠠᠭᠠᠨ ᠤ ︽ᠭᠤᠷᠪᠠᠨ ᠵᠦᠪᠯᠡᠯ︾ ᠤᠨ ᠪᠦᠷᠢᠯᠳᠦᠬᠦᠨ ᠵᠢᠴᠢ ᠰᠤᠮᠤᠨ ᠤ ᠪᠦᠬᠦ ᠺᠠᠳ᠋ᠷ ᠠᠵᠢᠯᠲᠠᠳ ᠬᠤᠷᠠᠯ ᠳᠤ ᠤᠷᠤᠯᠴᠠᠪᠠ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠪᠤᠯᠤᠷᠮ᠎ᠠ ᠨᠦᠬᠦᠷ ᠠᠴᠠ ᠡᠷᠬᠢᠯᠡᠪᠡ᠃    ᠬᠤᠷᠠᠯ ᠳᠡᠭᠡᠷ᠎ᠡ᠂ ᠰᠤᠮᠤᠨ ᠤ ᠨᠠᠮ ᠤᠨ ᠬᠤᠷᠢᠶᠠᠨ ᠤ ᠱᠦᠵᠢ 2025 ᠤᠨ ᠤ ᠭᠤᠤᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠡᠮᠬᠢᠯᠡᠨ᠂ 2025 ᠤᠨ ᠤ ᠡᠯ᠎ᠡ ᠵᠤᠶᠢᠯ ᠤᠨ ᠠᠵᠢᠯ ᠢ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠡᠢ᠃ ᠰᠤᠮᠤᠨ ᠤ ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠪᠠ ᠴᠢᠭᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠮᠰᠠᠷ ᠤᠨ ᠬᠡᠯᠪᠡᠷᠢ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠮᠠᠯ ᠠᠵᠤ ᠠᠬᠤᠢ ᠶᠢ ᠬᠦᠭᠵᠢᠬᠦᠯᠬᠦ᠂ ᠪᠡᠯᠴᠢᠭᠡᠷ ᠰᠡᠷᠭᠦᠭᠡᠬᠦ᠂ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ ᠬᠠᠮᠢᠶᠠᠷᠤᠯᠲᠠ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠠᠶᠤᠯᠬᠦᠢ ᠦᠢᠯᠡᠳᠪᠦᠷᠢᠯᠡᠯ ᠵᠡᠷᠭᠡ ᠭᠤᠤᠯᠳᠠᠯᠭ᠎ᠠ ᠲᠠᠢ ᠠᠵᠢᠯ ᠤᠨ ᠲᠤᠭᠤᠷᠢᠨ ᠳᠤ ᠪᠠᠶᠢᠷᠢᠯᠠᠭᠤᠯᠤᠯᠲᠠ ᠬᠢᠭᠰᠡᠨ ᠪᠦᠬᠡᠳ ᠪᠤᠳᠠᠳᠠᠢ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃    ᠬᠤᠷᠠᠯ ᠠᠴᠠ ᠱᠠᠭᠠᠷᠳᠠᠭᠰᠠᠨ ᠨᠢ᠂ ᠨᠢᠬᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠡᠳᠬᠡᠨ ᠰᠦᠭ ᠰᠦᠨᠡᠰᠦ ᠪᠠᠨ ᠱᠤᠭᠤᠵᠤ᠂ ᠭᠤᠤᠯ ᠰᠡᠳᠤᠪᠲᠤ ᠬᠦᠮᠦᠵᠢᠯ ᠤᠨ ᠦᠷ᠎ᠡ ᠪᠦᠲᠦᠬᠡᠯ ᠢ ᠪᠠᠬᠢᠵᠢᠬᠦᠯᠦᠨ ᠦᠷᠬᠡᠳᠬᠡᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠬᠡ ᠶᠢ ᠰᠤᠨᠤᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠮ ᠲᠦᠮᠡᠨᠴᠢ ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠪᠤᠳᠠᠳᠠᠢ ᠠᠳᠬᠤᠵᠤ᠂ ᠲᠦᠪ ᠤᠨ ᠨᠠᠢᠮᠠᠨ ᠲᠤᠭᠲᠠᠭᠠᠯ ᠤᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠬᠤ ᠰᠤᠷᠤᠯᠴᠠᠯᠭ᠎ᠠ ᠬᠦᠮᠦᠵᠢᠯ ᠢ ᠦᠷᠨᠢᠬᠦᠯᠵᠤ᠂ ᠨᠠᠮ ᠤᠨ ᠰᠢᠨ᠎ᠡ ᠶᠢ ᠡᠬᠦᠳᠬᠦ ᠤᠨᠤᠯ ᠢ ᠨᠠᠶᠢᠳᠠᠪᠤᠷᠢᠵᠢᠭᠤᠯᠤᠨ ᠠᠬᠢᠭᠤᠯᠬᠤ ᠬᠡᠷᠡᠭᠲᠡᠢ᠃ ᠬᠤᠶᠠᠷ ᠲᠤ᠂ ᠵᠢᠱᠢᠶᠡᠴᠢ ᠪᠠᠬᠢᠯᠡᠯᠲᠡ ᠶᠢᠨ ᠨᠠᠮ ᠤᠨ ᠡᠬᠦᠷ ᠢ ᠡᠬᠦᠳᠦᠨ ᠪᠠᠶᠢᠭᠤᠯᠬᠤ ᠪᠠ ᠨᠠᠮ ᠤᠨ ᠬᠡᠰᠢᠬᠦᠨ ᠤ ᠭᠤᠤᠯᠳᠠᠯᠭᠠᠲᠤ ᠡᠷᠦᠬᠡ ᠶᠢᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠳᠡᠰ ᠳᠡᠪᠰᠢᠬᠦᠯᠦᠨ ᠰᠠᠶᠢᠵᠢᠷᠠᠭᠤᠯᠬᠤ  ᠶᠢ ᠦᠷᠬᠦᠯᠵᠢᠯᠡᠨ ᠴᠢᠩᠭᠠᠳᠬᠠᠵᠤ᠂ ᠨᠠᠮ ᠤᠨ ᠬᠡᠰᠢᠬᠦᠨ ᠤ ᠡᠩᠨᠡᠭᠡ ᠶᠢᠨ ᠪᠠᠶᠢᠭᠤᠯᠤᠯᠲᠠ ᠪᠠ ᠰᠤᠷᠭᠠᠨ ᠬᠦᠮᠦᠵᠢᠯ  ᠤᠨ ᠬᠠᠮᠢᠶᠠᠷᠤᠯᠲᠠ ᠶᠢ ᠴᠢᠩᠭᠠᠳᠬᠠᠨ᠂ ᠭᠠᠴᠠᠭᠠᠨ ᠤ ᠨᠠᠮ ᠤᠨ ᠡᠬᠦᠷ ᠤᠨ ᠱᠦᠵᠢ ᠬᠢᠬᠡᠳ ᠪᠡᠯᠡᠳᠬᠡᠯ ᠬᠦᠴᠦᠨ ᠢ ᠬᠦᠮᠦᠵᠢᠬᠦᠯᠬᠦ ᠠᠵᠢᠯ ᠢ ᠬᠦᠨᠵᠡᠬᠡᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠡᠯ᠎ᠡ ᠵᠤᠶᠢᠯ ᠤᠨ ᠠᠵᠢᠯ ᠢ ᠤᠯᠠᠮ ᠨᠢᠬᠡ ᠠᠯᠬᠤᠮ ᠴᠢᠩᠭᠠᠳᠬᠠᠨ᠂ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ︽ᠬᠤᠶᠠᠷ ᠴᠢᠳᠠᠮᠵᠢ︾ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠭᠤᠷᠪᠠ ᠳᠤ᠂ ᠮᠠᠯ ᠠᠵᠤ ᠠᠬᠤᠢ ᠶᠢᠨ ᠠᠵᠢᠯ ᠢ ᠬᠦᠴᠦᠲᠡᠢ ᠪᠦᠬᠡᠳ ᠪᠦᠲᠦᠮᠵᠢᠲᠡᠢ ᠠᠬᠢᠭᠤᠯᠵᠤ᠂ ᠭᠤᠤᠯᠳᠠᠯᠭᠠᠲᠤ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠵᠤ᠂ ᠭᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠤ ᠵᠠᠰᠠᠯᠲᠠ ᠵᠡᠷᠭᠡ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠤᠷᠡᠲᠡᠯ᠎ᠡ ᠮᠠᠯᠵᠢᠬᠤ ᠠᠰᠠᠭᠤᠳᠠᠯ ᠢ ᠦᠨᠡᠨᠬᠦ ᠰᠠᠶᠢᠲᠤᠷ ᠰᠢᠢᠳᠪᠤᠷᠢᠯᠡᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠬᠡᠬᠦ ᠬᠤᠭᠤᠴᠠᠭᠠᠨ ᠤ ᠠᠵᠢᠯ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠦᠷᠦᠯ ᠵᠤᠶᠢᠯ᠂ ︽ᠪᠡᠯᠡ ᠮᠦᠩᠭᠦ᠂ ᠡᠳ᠋ ᠬᠦᠷᠦᠩᠭᠡ᠂ ᠡᠬᠢ ᠪᠠᠶᠠᠯᠢᠭ︾ ᠤᠨ ᠬᠠᠮᠢᠶᠠᠷᠤᠯᠲᠠ᠂ ᠲᠦᠯ ᠲᠤᠰᠴᠤ ᠪᠤᠶᠢᠵᠢᠭᠤᠯᠬᠤ᠂ ᠡᠪᠡᠰᠤ ᠪᠤᠷᠳᠤᠭ᠎ᠠ ᠨᠦᠭᠡᠴᠡᠯᠡᠬᠦ᠂ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ᠂ ᠨᠤᠲᠤᠭ ᠪᠡᠯᠴᠢᠬᠡᠷ ᠤᠨ ᠭᠠᠯ ᠢ ᠰᠡᠷᠭᠡᠶᠢᠯᠡᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠢᠭᠡᠳᠤᠯᠲᠡᠢ ᠲᠦᠯᠦᠪᠵᠢᠬᠦᠯᠦᠨ ᠠᠬᠢᠭᠤᠯᠵᠤ᠂ ᠤᠨ ᠤ ᠬᠠᠷᠠᠯᠲᠠ ᠡᠬᠦᠷᠭᠡ ᠪᠠᠨ ᠲᠤᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠬᠦᠯᠬᠦ ᠶᠢ ᠪᠠᠲᠤᠯᠠᠬᠤ ᠬᠡᠷᠡᠭᠲᠡᠢ᠃ ᠳᠦᠷᠪᠡ ᠳᠤ᠂ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠬᠦᠷᠬᠡᠯᠡᠵᠤ᠂ ᠨᠠᠮ ᠤᠨ ᠰᠤᠷᠲᠠᠯ ᠪᠠ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠬᠦᠨᠵᠡᠬᠡᠶᠢᠷᠡᠬᠦᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠤᠨᠲ ᠤᠨ ᠠᠵᠢᠯ ᠤᠨ ᠡᠯ᠎ᠡ ᠵᠤᠶᠢᠯ ᠤᠨ ᠭᠤᠤᠯᠳᠠᠯᠭ᠎ᠠ  ᠲᠠᠢ ᠡᠬᠦᠷᠭᠡ ᠶᠢ ᠰᠠᠶᠢᠲᠤᠷ ᠬᠢᠵᠤ᠂ ᠰᠤᠷᠲᠠᠯ ᠴᠢᠭᠡᠴᠢ ᠤᠪᠤᠷ ᠲᠦᠪ ᠠᠵᠢᠯ ᠬᠢᠵᠤ ᠦᠢᠯᠡᠰ ᠪᠤᠰᠬᠠᠬᠤ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠲᠡᠢ᠃ ᠲᠠᠪᠤ ᠳᠤ᠂ ︽ᠨᠢᠬᠡ ᠬᠦᠯᠬᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠤᠯᠭᠠᠵᠤ᠂ ᠪᠦᠬᠦ ᠰᠤᠮᠤᠨ ᠤ ᠦᠷᠬᠡᠨ ᠤᠯᠠᠨ ᠨᠠᠮ ᠤᠨ ᠬᠡᠰᠢᠬᠦᠨ᠂ ᠺᠠᠳ᠋ᠷ᠂ ᠤᠯᠠᠨ ᠲᠦᠮᠡᠨ ᠰᠤᠮᠤᠨ  ᠤ ᠭᠤᠤᠯ ᠠᠵᠢᠯ ᠤᠨ ᠲᠤᠭᠤᠷᠢᠨ ᠳᠤ ᠰᠠᠨᠠᠭᠠᠴᠢᠯᠠᠭ᠎ᠠ ᠠᠴᠠ ᠪᠠᠨ ᠡᠬᠦᠷᠬᠡᠯᠡᠨ ᠠᠵᠢᠯᠯᠠᠵᠤ᠂ ᠨᠢᠭᠲᠠ ᠬᠠᠮᠵᠢᠯᠴᠠᠨ ᠬᠠᠮᠲᠤᠷᠠᠯᠴᠠᠵᠤ᠂ ᠵᠤᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠲᠠᠪᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠤᠬᠦᠯᠵᠤ᠂ ᠡᠯ᠎ᠡ ᠵᠤᠶᠢᠯ ᠤᠨ ᠠᠵᠢᠯ ᠢ ᠦᠨᠳᠦᠷ ᠪᠦᠲᠦᠮᠵᠢᠲᠡᠢ ᠠᠬᠢᠭᠤᠯᠬᠤ ᠶᠢ ᠪᠠᠲᠤᠯᠠᠬᠤ ᠬᠡᠷᠡᠭᠲᠡᠢ᠃    ᠬᠤᠷᠠᠯ ᠠᠴᠠ᠂ 2025 ᠤᠨ ᠳᠤ ᠮᠠᠨ ᠤ ᠰᠤᠮᠤᠨ ᠤ ᠡᠯ᠎ᠡ ᠲᠦᠷᠦᠯ ᠤᠨ ᠭᠤᠤᠯᠳᠠᠯᠭ᠎ᠠ ᠲᠠᠢ ᠠᠵᠢᠯ ᠤᠨ ᠬᠠᠷᠠᠯᠲᠠ ᠡᠬᠦᠷᠭᠡ ᠶᠢ ᠨᠢᠭᠡᠨᠲᠡ ᠲᠤᠲᠤᠷᠬᠠᠢ ᠪᠤᠯᠭᠠᠵᠠᠢ᠂ ᠪᠦᠬᠦ ᠰᠤᠮᠤ ᠪᠠᠷ   ᠢᠶᠠᠨ ᠬᠠᠷᠠᠯᠲᠠ ᠡᠬᠦᠷᠭᠡ ᠶᠢ ᠴᠢᠬᠤᠯᠠᠴᠢᠯᠠᠨ᠂ ᠨᠡᠩ ᠤᠷᠬᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠲᠡᠮᠡᠴᠡᠯ ᠤᠨ ᠵᠤᠷᠢᠭ᠂ ᠪᠤᠳᠠᠳᠠᠢ ᠶᠢ ᠡᠷᠬᠢᠮᠯᠡᠬᠦ ᠰᠤᠷᠲᠠᠯ ᠢᠶᠠᠷ ᠨᠢᠬᠡᠨ ᠭᠤᠤᠯ ᠰᠢᠵᠢᠮ ᠢ ᠲᠤᠤᠱᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠬᠡ︾ ᠶᠢ ᠪᠡᠶᠡᠯᠡᠬᠦᠯᠬᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠬᠦᠯᠬᠦ᠂ ︽ᠵᠢᠷᠭᠤᠭᠠᠨ ᠠᠵᠢᠯᠯᠠᠭ᠎ᠠ︾ ᠶᠢ ᠦᠷᠨᠢᠬᠦᠯᠬᠦ ᠳᠤᠮᠳᠠ ᠨᠡᠩ ᠶᠡᠭᠡ ᠠᠬᠢᠴᠠ ᠲᠠᠢ ᠪᠤᠯᠵᠤ᠂ ᠨᠡᠩ ᠶᠡᠭᠡ ᠬᠤᠪᠢ ᠨᠡᠮᠡᠷᠢ ᠦᠵᠡᠬᠦᠯᠬᠦ ᠪᠠᠷ ᠴᠢᠷᠮᠠᠶᠢᠬᠤ ᠬᠡᠷᠡᠭᠲᠡᠢ ᠬᠡᠵᠤ ᠴᠢᠬᠤᠯᠠᠴᠢᠯᠠᠪᠠ᠃
 
ᠢᠷᠡᠯᠲᠡ᠄ ᠬᠤᠩᠭᠤᠷ ᠰᠤᠮᠤᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号