ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 14 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠠᠩ — ᠯᠢᠦ᠋ᠢᠰᠢ ᠠᠨ • ᠰᠠᠸᠢ • ᠳ᠋ᠤᠲ᠋ᠤᠹ ᠲᠤ ᠴᠠᠭᠢᠯᠭᠠᠨ | ᠴᠢᠮᠡᠭᠡ ᠶᠠᠪᠤᠭᠤᠯᠵᠤ᠂ ᠲᠡᠭᠦᠨ ᠤ ᠪᠦᠭᠦᠳᠡ ᠨᠠᠶᠢᠷᠠᠮᠳᠠᠬᠤ ᠳᠤᠭᠣ᠋ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ | ᠭᠠᠷᠤᠭᠰᠠᠨ ᠳᠤ ᠪᠠᠶᠠᠷ ᠬᠦᠷᠭᠡᠪᠡ᠃ ᠲᠤᠰ ᠡᠳᠦᠷ ᠲᠡᠷᠢᠭᠦᠯᠡᠭᠴᠢ ᠰᠢ ᠶᠢᠨ ᠫᠢᠩ ᠪᠠᠰᠠ ᠹᠦᠯᠸᠢ • ᠠᠶᠢᠰᠤᠴᠢᠮᠥ᠋ᠨᠠ • | ᠨᠠᠰᠢᠨᠪᠸᠢ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ | ᠬᠤᠷᠠᠯ ᠤᠨ ᠲᠡᠷᠢᠭᠦᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ | ᠰᠢ ᠶᠢᠨ ᠫᠢᠩ᠂ ᠳᠤᠮᠳᠠᠳᠤ ᠳᠤᠭᠤ᠋ ᠶᠢᠨ ᠨᠥᠭᠦᠷᠰᠡᠭ ᠬᠠᠷᠢᠯᠴᠠᠭ᠎ᠠ ᠶᠢ ᠬᠤᠶᠠᠷ ᠤᠯᠤᠰ ᠤᠨ ᠦᠶ᠎ᠡ ᠦᠶ᠎ᠡ ᠶᠢᠨ | ᠤᠳᠤᠷᠢᠳᠬᠤ ᠬᠥᠮᠥᠰ ᠬᠠᠮᠲᠤ ᠪᠠᠷ ᠴᠣᠭᠴᠠᠯᠠᠨ ᠪᠠᠶᠢᠭᠤᠯᠵᠤ ᠨᠢᠮᠪᠠᠢ ᠪᠤᠶᠢᠵᠢᠭᠤᠯᠵᠠᠢ᠃ ᠬᠠᠭᠠᠰ ᠵᠠᠭᠤᠨ ᠭᠠᠷᠤᠢ ᠶᠢᠨ | ᠲᠤᠷᠰᠢ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠭᠦᠷᠰᠡᠭ᠂ ᠡᠷᠬᠡ ᠲᠡᠭᠰᠢ ᠬᠠᠷᠢᠯᠴᠠᠨ ᠢᠲᠡᠭᠡᠯᠴᠡᠬᠦ᠂ | ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ | ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠡᠷᠡᠰ ᠳᠡᠮᠵᠢᠯᠴᠡᠵᠦ᠂ ᠶᠡᠭᠡ ᠪᠠᠭ᠎ᠠ ᠤᠯᠤᠰ | ᠡᠷᠬᠡ ᠲᠡᠭᠰᠢ ᠪᠠᠷ ᠬᠠᠨᠳᠤᠯᠴᠠᠬᠤ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ | ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠪᠠ᠃ 2024 ᠣᠨ ᠤ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ | ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠳᠤᠮᠳᠠᠳᠤ ᠳᠤᠭᠤ᠋ ᠶᠢᠨ | ᠬᠠᠷᠢᠯᠴᠠᠭ᠎ᠠ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠣᠨ ᠳᠡᠭᠡᠭᠰᠢᠯᠡᠵᠦ᠂ ᠬᠤᠶᠠᠷ | ᠤᠯᠤᠰ ᠤᠨ ᠬᠠᠷᠢᠯᠴᠠᠭᠠᠨ ᠤ ᠰᠢᠨ᠎ᠡ ᠬᠠᠭᠤᠳᠠᠰᠤ ᠶᠢ ᠨᠡᠭᠡᠭᠡᠪᠡ᠃ ᠪᠢ ᠳᠤᠮᠳᠠᠳᠤ ᠳᠤᠭᠤ᠋ ᠶᠢᠨ ᠬᠠᠷᠢᠯᠴᠠᠭ᠎ᠠ ᠶᠢᠨ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠭᠤ᠋ ᠶᠢᠨ ᠤᠳᠤᠷᠢᠳᠬᠤ ᠬᠥᠮᠥᠰ ᠲᠠᠢ | ᠬᠠᠮᠲᠤ ᠪᠠᠷ ᠴᠢᠷᠮᠠᠶᠢᠵᠤ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ | ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠠᠷ ᠠᠵᠠ ᠲᠣᠭᠢᠶᠠᠯ ᠪᠤᠯᠭᠠᠵᠤ᠂ | ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ | ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ | ᠲᠠᠰᠤᠷᠠᠯᠳᠠ ᠦᠭᠡᠢ ᠪᠠᠶᠠᠯᠢᠭᠵᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ | ᠭᠡᠵᠦ ᠵᠢᠭᠠᠵᠤ ᠭᠠᠷᠭᠠᠪᠠ᠃ | ᠲᠤᠰ ᠡᠳᠦᠷ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠠᠰᠠ ᠴᠠᠭᠢᠯᠭᠠᠨ ᠴᠢᠮᠡᠭᠡ | ᠶᠠᠪᠤᠭᠤᠯᠵᠤ᠂ ᠹᠦᠯᠸᠢ ᠶᠢᠨ ᠪᠦᠭᠦᠳᠠ ᠨᠠᠶᠢᠷᠠᠮᠳᠠᠬᠤ ᠳᠤᠭᠣ᠋ ᠤᠯᠤᠰ ᠤᠨ ᠰᠠᠶᠢᠳ ᠨᠠᠷ ᠤᠨ ᠬᠤᠷᠠᠯ ᠤᠨ ᠲᠡᠷᠢᠭᠦᠯᠡᠭᠴᠢ ᠶᠢᠨ | ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃ |