ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠭᠢᠯᠭᠠᠨ ᠮᠡᠳᠡᠭᠡ 5 ᠰᠠᠷ᠎ᠠ ᠶᠢᠨ 16 ᠤ ᠡᠳᠦᠷ | ᠬᠡᠪᠯᠡᠭᠳᠡᠭᠰᠡᠨ 10 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ | ᠨᠠᠶᠢᠳᠠᠪᠤᠷᠢᠵᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠬᠥᠲᠥᠯᠥᠨ | ᠳᠠᠭᠠᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ | 2012 ᠣᠨ ᠤ 12 ᠰᠠᠷ᠎ᠠ ᠠᠴᠠ 2025 ᠣᠨ ᠤ 3 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ | ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ᠃ | ᠵᠣᠬᠢᠶᠠᠯ ᠳᠤ᠂ ᠨᠠᠮ ᠤᠨ ᠰᠤᠷᠲᠠᠯ ᠤᠨ ᠠᠰᠠᠭᠤᠳᠠᠯ ᠨᠢ ᠲᠦᠷᠦ ᠪᠠᠷᠢᠭᠴᠢ ᠨᠠᠮ ᠤᠨ ᠮᠠᠨᠳᠤᠵᠤ ᠮᠥᠬᠦᠬᠦ ᠲᠠᠢ | ᠬᠤᠯᠪᠣᠭᠳᠠᠨ᠎ᠠ᠃ ᠰᠤᠷᠲᠠᠯ ᠤᠨ ᠪᠠᠶᠢᠭᠤᠯᠤᠯᠲᠠ ᠨᠢ ᠮᠠᠨ ᠤ ᠨᠠᠮ ᠤᠨ ᠤᠷᠳᠤ ᠬᠤᠭᠤᠴᠠᠭ᠎ᠠ ᠪᠠᠷ ᠲᠦᠷᠦ ᠪᠠᠷᠢᠵᠤ ᠴᠢᠳᠠᠬᠤ | ᠡᠰᠡᠬᠦ᠂ ᠲᠦᠷᠦ ᠪᠠᠷᠢᠬᠤ ᠡᠭᠦᠷᠭᠡ ᠪᠠᠨ ᠰᠠᠶᠢᠲᠤᠷ ᠭᠦᠢᠴᠡᠳᠬᠡᠵᠦ ᠴᠢᠳᠠᠬᠤ ᠡᠰᠡᠬᠦ ᠲᠠᠢ ᠬᠤᠯᠪᠣᠭᠳᠠᠵᠤ ᠪᠠᠶᠢᠳᠠᠭ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠵᠦᠢᠯ | ᠵᠦᠢᠯ ᠤᠨ ᠠᠰᠠᠭᠤᠳᠠᠯ ᠪᠠ ᠭᠡᠮ ᠰᠣᠭᠤᠭ ᠲᠤ ᠰᠢᠭᠤᠳ ᠬᠠᠨᠳᠤᠵᠤ᠂ ᠲᠥᠪ ᠤᠨ ᠨᠠᠢᠮᠠᠨ ᠲᠣᠭᠲᠠᠭᠠᠯ ᠢ ᠲᠣᠭᠲᠠᠭᠠᠨ | ᠬᠡᠷᠡᠭᠵᠢᠭᠦᠯᠬᠦ ᠠᠴᠠ ᠡᠬᠢᠯᠡᠨ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠪᠠᠶᠢᠳᠠᠯ ᠤᠨ ᠳᠣᠣᠷ᠎ᠠ ᠰᠤᠷᠲᠠᠯ ᠤᠨ | ᠪᠠᠶᠢᠭᠤᠯᠤᠯᠲᠠ ᠳᠤ ᠶᠠᠭᠤ ᠶᠢ ᠠᠳᠬᠤᠬᠤ᠂ ᠬᠡᠷᠬᠢᠨ ᠠᠳᠬᠤᠬᠤ ᠠᠰᠠᠭᠤᠳᠠᠯ ᠢ ᠰᠢᠢᠳᠪᠦᠷᠢᠯᠡᠵᠦ᠂ ᠪᠦᠭᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠠᠬᠢᠭᠤᠯᠪᠠ᠃ ᠰᠢᠨ᠎ᠡ ᠴᠠᠭ ᠦᠶ᠎ᠡ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠬᠤᠪᠢᠰᠬᠠᠯᠲᠤ ᠴᠢᠨᠠᠷᠲᠠᠢ ᠳᠠᠪᠲᠠᠯᠲᠠ ᠪᠠᠷ ᠲᠠᠮᠵᠢᠨ ᠰᠠᠬᠢᠯᠭ᠎ᠠ ᠪᠠᠲᠤ ᠰᠤᠯᠠᠷᠠᠵᠤ᠂ ᠰᠤᠷᠲᠠᠯ ᠭᠦᠪᠰᠥᠭᠡᠷ ᠪᠣᠯᠤᠭᠰᠠᠨ | ᠪᠠᠶᠢᠳᠠᠯ ᠢᠯᠡᠳᠲᠡ ᠬᠤᠪᠢᠷᠠᠵᠤ᠂ ᠦᠨᠡᠨ ᠬᠦ ᠬᠠᠮᠢᠶᠠᠷᠴᠤ ᠦᠨᠡᠨ ᠬᠦ ᠴᠢᠩᠳᠠᠯᠠᠵᠤ᠂ ᠵᠣᠷᠢᠭᠲᠠᠢ ᠬᠠᠮᠢᠶᠠᠷᠴᠤ ᠵᠣᠷᠢᠭᠲᠠᠢ | ᠴᠢᠩᠳᠠᠯᠠᠵᠤ᠂ ᠤᠷᠳᠤ ᠬᠤᠭᠤᠴᠠᠭ᠎ᠠ ᠪᠠᠷ ᠬᠠᠮᠢᠶᠠᠷᠴᠤ ᠤᠷᠳᠤ ᠬᠤᠭᠤᠴᠠᠭ᠎ᠠ ᠪᠠᠷ ᠴᠢᠩᠳᠠᠯᠠᠬᠤ ᠠᠭᠤᠷ ᠠᠮᠢᠰᠬᠤᠯ | ᠦᠨᠳᠦᠰᠦᠨ ᠳᠡᠭᠡᠨ ᠪᠦᠷᠢᠯᠳᠦᠵᠦ᠂ ᠨᠠᠮ ᠤᠨ ᠰᠤᠷᠲᠠᠯ ᠵᠠᠰᠠᠭ ᠤᠨ ᠰᠤᠷᠲᠠᠯ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ | ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠠᠷᠠᠳ ᠲᠦᠮᠡᠨ ᠤ ᠰᠡᠳᠬᠢᠯ ᠳᠠᠬᠢ ᠨᠠᠮ ᠤᠨ | ᠳᠦᠷᠢ ᠲᠥᠷᠬᠦ ᠶᠢ ᠲᠠᠭᠢᠨ ᠱᠤᠭᠤᠵᠠᠢ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠨᠠᠢᠮᠠᠨ ᠲᠣᠭᠲᠠᠭᠠᠯ ᠤᠨ ᠵᠢᠯᠤᠭᠤᠳᠬᠤ ᠦᠵᠡᠯ ᠰᠠᠨᠠᠭ᠎ᠠ ᠪᠣᠯ ᠳᠠᠷᠤᠢ ᠴᠢᠩᠭ᠎ᠠ ᠪᠠᠶᠢᠬᠤ ᠱᠠᠭᠠᠷᠳᠠᠯᠭ᠎ᠠ | ᠮᠥᠨ᠃ ᠨᠠᠮ ᠨᠢ ᠨᠠᠮ ᠢ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠢᠯᠡᠷᠡᠭᠦᠯᠵᠦ᠂ ᠨᠠᠮ ᠤᠨ ᠲᠥᠪ ᠬᠤᠷᠢᠶ᠎ᠠ ᠶᠢᠨ | ᠤᠯᠤᠰ ᠲᠦᠷᠦ ᠶᠢᠨ ᠲᠣᠪᠴᠢᠶ᠎ᠠ ᠠᠴᠠ ᠡᠬᠢᠯᠡᠨ ᠠᠵᠢᠯ ᠤᠨ ᠰᠤᠷᠲᠠᠯ ᠢᠶᠠᠨ ᠰᠠᠶᠢᠵᠢᠷᠠᠭᠤᠯᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠲᠦᠷᠦᠭᠦᠯᠡᠨ | ᠰᠤᠷᠲᠠᠯ ᠢᠶᠠᠨ ᠰᠠᠶᠢᠵᠢᠷᠠᠭᠤᠯᠵᠤ᠂ ᠲᠥᠪ ᠤᠨ ᠨᠠᠢᠮᠠᠨ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠨᠢ ᠳᠠᠷᠤᠢ ᠪᠣᠳᠠᠲᠤ | ᠠᠵᠢᠯᠯᠠᠭ᠎ᠠ ᠪᠠᠷ ᠢᠶᠠᠨ ᠪᠦᠭᠦ ᠨᠠᠮ ᠤᠨ ᠰᠤᠷᠲᠠᠯ ᠢᠶᠠᠨ ᠰᠠᠶᠢᠵᠢᠷᠠᠭᠤᠯᠬᠤ ᠳᠤ ᠰᠠᠶᠢᠨ ᠦᠯᠢᠭᠡᠷ ᠳᠠᠭᠤᠷᠢᠶᠠᠯ ᠦᠵᠡᠭᠦᠯᠭᠦ ᠶᠢᠨ | ᠲᠥᠯᠥᠭᠡ ᠶᠤᠮ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ | ᠳᠡᠭᠡᠷ᠎ᠡ ᠠᠴᠠ ᠳᠣᠷᠣᠭᠰᠢ ᠪᠠᠨ᠂ ᠨᠢᠭᠡ ᠱᠠᠲᠤ ᠨᠢ ᠨᠢᠭᠡ ᠱᠠᠲᠤ ᠪᠠᠨ ᠳᠠᠭᠠᠭᠤᠯᠵᠤ᠂ ᠨᠢᠭᠡ ᠱᠠᠲᠤ ᠨᠢ ᠨᠢᠭᠡ ᠱᠠᠲᠤᠨ ᠳᠠᠭᠠᠨ | ᠳᠠᠭᠤᠷᠢᠶᠠᠯ ᠦᠵᠡᠭᠦᠯᠵᠦ᠂ ᠤᠬᠠᠮᠰᠠᠷ ᠠᠴᠠ ᠪᠠᠨ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠦᠵᠡᠭᠦᠯᠭᠦ ᠬᠡᠷᠡᠭᠲᠡᠢ᠃ | ᠪᠢᠳᠠ ᠦᠨᠡᠨ ᠬᠦ ᠠᠳᠬᠤᠳᠠᠭ ᠯᠠ ᠶᠤᠮ ᠪᠣᠯ ᠰᠢᠢᠳᠪᠦᠷᠢᠯᠡᠵᠦ ᠴᠢᠳᠠᠬᠤ ᠦᠭᠡᠢ ᠠᠰᠠᠭᠤᠳᠠᠯ ᠭᠡᠵᠦ ᠦᠭᠡᠢ ᠶᠤᠮ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠰᠤᠷᠲᠠᠯ ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ ᠪᠠᠨ ᠨᠠᠮᠴᠢ ᠴᠢᠨᠠᠷ ᠤᠨ ᠠᠰᠠᠭᠤᠳᠠᠯ ᠪᠣᠯᠣᠨ᠎ᠠ᠃ | ︽ᠲᠦᠷᠪᠡᠨ ᠰᠤᠷᠲᠠᠯ︾ ᠤᠨ ᠠᠰᠠᠭᠤᠳᠠᠯ ᠤᠨ ᠦᠨᠳᠦᠰᠦ ᠨᠢ ᠪᠣᠯ ᠨᠠᠮᠴᠢ ᠴᠢᠨᠠᠷ ᠠᠴᠠ ᠲᠡᠷᠰᠯᠡᠵᠦ᠂ ᠵᠣᠷᠢᠯᠲᠠ ᠪᠠᠨ | ᠠᠯᠳᠠᠭᠰᠠᠨ ᠶᠠᠪᠤᠳᠠᠯ ᠪᠣᠯᠣᠨ᠎ᠠ᠃ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠳᠤ ᠡᠷᠬᠡᠪᠰᠢ ᠨᠠᠮ ᠪᠣᠯᠣᠨ ᠠᠷᠠᠳ | ᠤᠯᠠᠨ ᠤ ᠴᠢᠰᠤ ᠮᠢᠬᠠᠨ ᠤ ᠪᠠᠷᠢᠯᠳᠤᠯᠭ᠎ᠠ ᠶᠢ ᠪᠠᠲᠤᠯᠠᠬᠤ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯᠲᠡ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ | ᠵᠠᠯᠠᠷᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠴᠢᠯᠡᠭᠡᠨ ᠠᠴᠠ ᠪᠣᠯᠤᠭᠰᠠᠨ ᠨᠡᠶᠢᠯᠡᠭ ᠭᠡᠮ︾ ᠡᠭᠦᠰᠬᠦ ᠶᠢ | ᠡᠷᠡᠰ ᠰᠡᠷᠭᠡᠶᠢᠯᠡᠨ ᠬᠤᠷᠢᠭᠯᠠᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠵᠡᠷᠭᠡ ᠭᠠᠵᠢᠭᠤ ᠰᠤᠷᠲᠠᠯ ᠮᠠᠭᠤ | ᠳᠠᠳᠬᠠᠯ ᠢ ᠴᠤᠬᠤᠶᠢᠮᠠᠬᠴᠠ ᠠᠷᠢᠯᠭᠠᠵᠤ᠂ ︽ᠲᠦᠷᠪᠡᠨ ᠰᠤᠷᠲᠠᠯ︾ ᠤᠨ ᠨᠢᠭᠤᠭᠳᠠᠮᠠᠯ ᠣᠨᠳᠣᠣᠰᠢᠯ ᠤᠨ ᠰᠢᠨ᠎ᠡ | ᠬᠠᠨᠳᠤᠰᠢ ᠶᠢ ᠴᠠᠭ ᠢᠮᠠᠭᠲᠠ ᠰᠡᠷᠭᠡᠶᠢᠯᠡᠵᠦ᠂ ᠲᠠᠭᠢᠨ ᠰᠡᠷᠭᠦᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ︕ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠰᠤᠷᠲᠠᠯ ᠤᠨ | ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠪᠤᠯᠭᠠᠵᠤ᠂ ᠴᠢᠭᠯᠡᠭᠦᠯᠦᠯᠲᠦ ᠴᠢᠨᠠᠷᠲᠠᠢ ᠠᠷᠭ᠎ᠠ ᠬᠡᠮᠵᠢᠶ᠎ᠡ ᠶᠢ ᠰᠤᠳᠤᠯᠵᠤ᠂ | ᠰᠢᠨᠵᠢᠯᠡᠬᠦ ᠤᠬᠠᠭᠠᠨᠴᠢ ᠣᠨᠣᠴᠠᠲᠠᠢ ᠬᠠᠷᠠᠯᠲᠠ ᠲᠠᠢ ᠪᠠᠷ ᠴᠡᠭᠴᠡᠯᠡᠨ ᠵᠠᠰᠠᠵᠤ᠂ ᠬᠠᠲᠠᠭᠤ ᠲᠠᠢ ᠨᠢ ᠬᠠᠯᠳᠠᠵᠤ᠂ ᠪᠣᠳᠠᠲᠤ | ᠦᠷ᠎ᠡ ᠪᠦᠲᠦᠮᠵᠢ ᠶᠢ ᠡᠷᠭᠢᠮᠯᠡᠭᠦ ᠬᠡᠷᠡᠭᠲᠡᠢ᠃ ᠴᠥᠬᠦᠷᠡᠰᠢ ᠦᠭᠡᠢ ᠴᠢᠷᠮᠠᠶᠢᠨ ᠲᠡᠮᠡᠴᠡᠬᠦ ᠡᠷᠴᠢ ᠵᠣᠷᠢᠭ᠂ ᠪᠡᠷᠬᠡ ᠳᠠᠪᠠᠭ᠎ᠠ ᠶᠢ | ᠳᠠᠪᠠᠭ᠋ᠤ ᠰᠥᠰᠥ ᠵᠣᠷᠢᠭ ᠢᠶᠠᠷ ᠲᠣᠭᠲᠠᠯ ᠬᠦᠴᠦᠨ ᠢᠶᠠᠨ ᠪᠠᠲᠤᠯᠠᠵᠤ᠂ ᠥᠴᠥᠬᠡᠨ ᠴᠦ ᠨᠠᠶᠢᠷ ᠲᠠᠯᠪᠢᠬᠤ ᠦᠭᠡᠢ ᠪᠠᠶᠢᠵᠤ᠂ | ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠲᠤᠭᠤᠰᠢᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠪᠠᠯ ᠭᠡᠮ | ᠠᠷᠬᠠᠭ ᠢ ᠠᠯᠬᠤᠮ ᠠᠯᠬᠤᠮ ᠢᠶᠠᠷ ᠠᠷᠢᠯᠭᠠᠵᠤ᠂ ᠲᠥᠪ ᠴᠢᠬᠡᠴᠢ ᠪᠠᠶᠢᠬᠤ ᠶᠢ ᠪᠡᠶᠡᠯᠡᠭᠦᠯᠵᠦ ᠴᠢᠳᠠᠨ᠎ᠠ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ᠂ ᠳᠠᠭᠤᠰᠤᠰᠢ ᠦᠭᠡᠢ ᠶᠤᠮ᠃ ᠲᠥᠪ ᠤᠨ | ᠨᠠᠢᠮᠠᠨ ᠲᠣᠭᠲᠠᠭᠠᠯ ᠢ ᠲᠣᠭᠲᠠᠭᠠᠨ ᠬᠡᠷᠡᠭᠵᠢᠭᠦᠯᠬᠦ ᠪᠣᠯ ᠮᠠᠨ ᠤ ᠨᠠᠮ ᠤᠨ ᠰᠢᠨ᠎ᠡ ᠴᠠᠭ ᠦᠶ᠎ᠡ ᠶᠢᠨ ᠢᠲᠡᠭᠡᠯ ᠪᠠᠶᠢᠭᠤᠯᠬᠤ | ᠠᠵᠢᠯᠯᠠᠭ᠎ᠠ ᠮᠥᠨ᠂ ᠡᠷᠬᠡᠪᠰᠢ ᠴᠥᠬᠦᠷᠡᠰᠢ ᠦᠭᠡᠢ ᠪᠠᠶᠢᠩᠭᠤ ᠠᠳᠬᠤᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠵᠤ᠂ | ᠠᠷᠪᠠᠨ ᠵᠢᠯ ᠬᠦᠷᠬᠦ ᠦᠭᠡᠢ ᠪᠣᠯ ᠬᠤᠷᠢᠨ ᠵᠢᠯ᠂ ᠬᠤᠷᠢᠨ ᠵᠢᠯ ᠬᠦᠷᠬᠦ ᠦᠭᠡᠢ ᠪᠣᠯ ᠭᠤᠴᠢᠨ ᠵᠢᠯ ᠴᠢᠷᠮᠠᠶᠢᠵᠤ᠂ ᠬᠡᠪ | ᠰᠤᠷᠲᠠᠯ ᠢ ᠦᠨᠡᠨ ᠬᠦ ᠬᠤᠪᠢᠷᠠᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ | ᠬᠥᠲᠥᠯᠥᠨ ᠳᠠᠭᠠᠭᠤᠯᠬᠤ ᠬᠡᠷᠡᠭᠲᠡᠢ᠃ ᠪᠢᠳᠡ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ᠂ ᠲᠡᠮᠦᠷ ᠪᠠᠷᠢᠪᠠᠯ ᠤᠷᠤᠮ ᠲᠠᠢ | ᠪᠠᠶᠢᠬᠤ ᠡᠷᠴᠢ ᠵᠣᠷᠢᠭ ᠢᠶᠠᠷ ᠠᠳᠬᠤᠵᠤ᠂ ᠰᠠᠶᠢᠨ ᠢᠶᠠᠷ ᠡᠬᠢᠯᠡᠭᠦᠯᠵᠦ ᠰᠠᠶᠢᠨ ᠢᠶᠠᠷ ᠲᠡᠭᠦᠰᠬᠡᠵᠦ᠂ ᠴᠢᠳᠠᠮᠠᠭᠠᠢ ᠠᠵᠢᠯᠯᠠᠵᠤ | ᠰᠠᠶᠢᠨ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ | ᠲᠣᠭᠲᠠᠪᠠ᠂ ᠡᠨᠡ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ | ᠭᠡᠰᠢᠭᠦᠨ᠂ ᠺᠠᠳ᠋ᠷ ᠤᠨ ᠲᠣᠭᠲᠠᠯ ᠬᠦᠴᠦᠨ ᠢᠶᠠᠨ ᠨᠡᠮᠡᠭᠳᠡᠭᠦᠯᠬᠦ᠂ ᠳᠠᠳᠬᠠᠯ ᠪᠤᠯᠬᠤ ᠶᠢ ᠠᠬᠢᠭᠤᠯᠵᠤ᠂ ᠰᠢᠯᠢᠳᠡᠭ | ᠰᠤᠷᠲᠠᠯ ᠢᠶᠠᠷ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ ᠭᠡᠵᠦ | ᠴᠢᠬᠤᠯᠠᠴᠢᠯᠠᠪᠠ᠃ | |