ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠣᠷᠴᠢᠮᠬᠠᠨ ︽ᠠᠷᠪᠠᠨ ᠲᠠᠪᠤᠳᠤᠭᠠᠷ ᠲᠠᠪᠤᠨ ᠵᠢᠯ ᠤᠨ | ᠲᠥᠯᠥᠪᠵᠢᠭᠦᠯᠭᠡ︾ ᠶᠢ ᠨᠠᠶᠢᠷᠠᠭᠤᠯᠬᠤ ᠠᠵᠢᠯ ᠤᠨ ᠲᠠᠯ᠎ᠠ ᠪᠠᠷ ᠴᠢᠬᠤᠯᠠ ᠵᠢᠭᠠᠪᠤᠷᠢ ᠪᠠᠭᠤᠯᠭᠠᠵᠤ᠂ | ᠴᠢᠬᠤᠯᠠᠴᠢᠯᠠᠭᠤᠯᠬᠤ ᠳᠠᠭᠠᠨ᠂ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ | ᠦᠷᠭᠦᠯᠵᠢᠯᠡᠨ ᠬᠡᠷᠡᠭᠵᠢᠭᠦᠯᠬᠦ ᠪᠣᠯ ᠮᠠᠨ ᠤ ᠨᠠᠮ ᠤᠨ ᠲᠥᠷᠥ ᠪᠠᠨ ᠵᠠᠰᠠᠬᠤ ᠴᠢᠬᠤᠯᠠ ᠲᠤᠷᠰᠢᠯᠭ᠎ᠠ ᠪᠣᠯᠣᠨ᠎ᠠ᠂ ᠮᠥᠨ ᠴᠤ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠥᠷᠥ ᠶᠢᠨ ᠴᠢᠬᠤᠯᠠ ᠳᠠᠪᠠᠭᠤᠯᠢᠭ ᠪᠣᠯᠣᠨ᠎ᠠ᠃ | ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠵᠤ ᠬᠡᠷᠡᠭᠵᠢᠭᠦᠯᠬᠦ ᠨᠢ ᠨᠠᠮ ᠤᠨ ᠬᠤᠷᠢᠳᠤᠭᠠᠷ | ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠬᠠᠤᠯᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠨ᠂ ᠳᠡᠭᠡᠳᠦ ᠳᠠᠪᠬᠤᠷᠭ᠎ᠠ ᠶᠢᠨ | ᠲᠥᠰᠥᠪᠯᠡᠯ ᠪᠠ ᠠᠷᠠᠳ ᠣᠯᠠᠨ ᠤ ᠠᠷᠭ᠎ᠠ ᠤᠬᠠᠭᠠᠨ ᠢ ᠨᠢᠭᠡᠳᠬᠡᠵᠦ᠂ ᠪᠠᠶᠢᠴᠠᠭᠠᠨ ᠰᠤᠳᠤᠯᠤᠯᠲᠠ ᠬᠢᠬᠦ ᠮᠠᠭᠠᠳᠯᠠᠨ | ᠭᠡᠷᠡᠴᠢᠯᠡᠬᠦ ᠪᠠᠨ ᠴᠢᠩᠭᠠᠳᠬᠠᠨ᠂ ᠬᠠᠮᠲᠤ ᠶᠢᠨ ᠲᠠᠨᠢᠯᠲᠠ ᠪᠠᠨ ᠥᠷᠭᠡᠨ ᠢᠶᠠᠷ ᠨᠢᠭᠲᠠᠷᠠᠭᠤᠯᠵᠤ᠂ ᠣᠯᠠᠨ ᠲᠦᠮᠡᠨ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠣᠯᠠᠨ ᠠᠷᠭ᠎ᠠ ᠬᠡᠯᠪᠡᠷᠢ ᠪᠠᠷ ᠰᠣᠨᠣᠰᠴᠤ᠂ ᠺᠠᠳ᠋ᠷ ᠤᠯᠠᠨ | ᠲᠦᠮᠡᠨ ᠤ ᠦᠢᠯᠡᠳᠦᠯᠭᠡ ᠶᠢᠨ ᠶᠠᠪᠤᠴᠠ ᠳᠠᠭᠠᠨ ᠡᠭᠦᠳᠦᠭᠰᠡᠨ ᠰᠢᠨ᠎ᠡ ᠲᠤᠷᠰᠢᠯᠭ᠎ᠠ ᠶᠢ ᠭᠦᠢᠴᠡᠳ ᠠᠰᠢᠭᠯᠠᠨ᠂ ᠬᠠᠷᠠᠯᠲᠠ | ᠡᠭᠦᠷᠭᠡ ᠪᠠ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠰᠲ᠋ᠧᠮᠲᠦ ᠴᠢᠨᠠᠷ ᠪᠦᠬᠦᠯᠢ ᠴᠣᠭᠴᠠᠲᠤ ᠴᠢᠨᠠᠷ᠂ | ᠵᠣᠬᠢᠴᠠᠩᠭᠤᠢ ᠴᠢᠨᠠᠷ ᠢ ᠴᠢᠬᠤᠯᠠᠴᠢᠯᠠᠵᠤ᠂ ᠨᠠᠶᠢᠷᠠᠭᠤᠯᠬᠤ ᠠᠵᠢᠯ ᠢ ᠴᠢᠨᠠᠷᠯᠢᠭ ᠪᠡᠶᠡᠯᠡᠭᠦᠯᠬᠦ ᠬᠡᠷᠡᠭᠲᠡᠢ ᠭᠡᠵᠡᠢ᠃ | ᠮᠠᠨ ᠤ ᠤᠯᠤᠰ 2026 ᠣᠨ ᠠᠴᠠ ᠡᠬᠢᠯᠡᠨ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢ | ᠬᠡᠷᠡᠭᠵᠢᠭᠦᠯᠬᠦ ᠪᠣᠯᠣᠨ᠎ᠠ᠂ ᠣᠳᠣ ᠨᠠᠮ ᠤᠨ ᠲᠥᠪ ᠬᠤᠷᠢᠶ᠎ᠠ ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ | ᠶᠢᠨ ᠰᠠᠨᠠᠭᠤᠯᠭ᠎ᠠ ᠶᠢ ᠲᠤᠭᠤᠷᠪᠢᠨ ᠪᠢᠴᠢᠬᠦ ᠶᠢ ᠵᠣᠬᠢᠶᠠᠨ ᠪᠠᠶᠢᠭᠤᠯᠵᠤ ᠪᠠᠶᠢᠨ᠎ᠠ᠃ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠯᠦᠪᠵᠢᠭᠦᠯᠭᠡ ᠶᠢᠨ ᠰᠠᠨᠠᠭᠤᠯᠭ᠎ᠠ ᠶᠢ ᠲᠤᠭᠤᠷᠪᠢᠬᠤ ᠠᠵᠢᠯ ᠤᠨ | ᠪᠠᠶᠢᠷᠢᠯᠠᠭᠤᠯᠤᠯᠲᠠ ᠶᠢ ᠦᠨᠳᠦᠰᠦᠯᠡᠨ᠂ ᠬᠠᠮᠢᠶᠠᠲᠠᠢ ᠲᠠᠯ᠎ᠠ ᠶᠢᠨ ᠬᠢᠨ ᠣᠶᠢᠷ᠎ᠠ ᠳᠤ ᠤᠯᠠᠨ ᠵᠦᠢᠯ ᠤᠨ ᠬᠡᠯᠪᠡᠷᠢ ᠪᠠᠷ | ︽ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠲᠠᠯ᠎ᠠ ᠪᠠᠷ ᠬᠢ ᠺᠠᠳ᠋ᠷ ᠤᠯᠠᠨ ᠲᠦᠮᠡᠨ᠂ ᠲᠤᠰᠬᠠᠢ | ᠮᠡᠷᠭᠡᠵᠢᠯᠲᠡᠨ ᠡᠷᠳᠡᠮᠲᠡᠨ ᠨᠠᠷ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠪᠠᠷ ᠪᠠᠶᠢᠨ᠎ᠠ᠃ |