ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 20 ᠤ ᠴᠠᠭᠢᠯᠭᠠᠨ ᠮᠡᠳᠡᠭᠡ 5 ᠰᠠᠷ᠎ᠠ ᠶᠢᠨ 20 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2025 ᠣᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ | ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠶᠠᠳᠠᠭᠤ ᠬᠦᠴᠢᠷᠳᠡᠯ ᠢ ᠠᠷᠢᠯᠭᠠᠬᠤ ᠪᠣᠯ ᠪᠦᠭᠦ ᠪᠥᠮᠪᠥᠷᠴᠡᠭ ᠤᠨ ᠴᠢᠨᠠᠷᠲᠠᠢ ᠬᠦᠴᠢᠷ ᠠᠰᠠᠭᠤᠳᠠᠯ | ᠪᠤᠯᠬᠤ ᠪᠥᠭᠡᠳ ᠳᠡᠯᠡᠬᠡᠢ ᠶᠢᠨ ᠡᠯ᠎ᠡ ᠤᠯᠤᠰ ᠤᠨ ᠬᠠᠮᠲᠤ ᠶᠢᠨ ᠬᠠᠷᠠᠯᠲᠠ ᠪᠣᠯᠣᠨ᠎ᠠ᠃ ᠳᠤᠮᠳᠠᠳᠤ ᠤᠯᠤᠰ ᠰᠢᠷᠭᠠᠭᠤ | ᠬᠠᠲᠠᠭᠤᠵᠢᠯᠲᠠᠢ ᠴᠢᠷᠮᠠᠶᠢᠯᠭ᠎ᠠ ᠪᠠᠷ ᠢᠶᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠢᠯᠠᠯᠲᠠ ᠶᠢ ᠣᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ | ᠬᠥᠭᠵᠢᠯᠲᠡ ᠶᠢᠨ ᠵᠥᠪᠯᠡᠬᠦ ᠵᠦᠢᠯ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠷᠠᠯᠲᠠ ᠶᠢ 10 ᠵᠢᠯ | ᠤᠷᠢᠳᠴᠢᠯᠠᠨ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠵᠠᠮ ᠢᠶᠠᠷ ᠵᠠᠮᠨᠠᠵᠤ᠂ ᠬᠥᠮᠥᠨ ᠲᠥᠷᠥᠯᠬᠢᠲᠡᠨ ᠤ ᠶᠠᠳᠠᠭᠤ ᠬᠦᠴᠢᠷᠳᠡᠯ ᠢ ᠡᠰᠡᠷᠭᠦᠴᠡᠬᠦ ᠲᠡᠦᠬᠡ ᠶᠢᠨ ᠰᠢᠨ᠎ᠡ | ᠬᠠᠭᠤᠳᠠᠰᠤ ᠶᠢ ᠪᠢᠴᠢᠭᠯᠡᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠠᠰᠠᠭᠤᠳᠠᠯ ᠪᠣᠯ ᠡᠴᠦᠰ ᠤᠨ | ᠡᠴᠦᠰ ᠲᠡᠭᠡᠨ ᠬᠥᠭᠵᠢᠯᠲᠡ ᠶᠢᠨ ᠠᠰᠠᠭᠤᠳᠠᠯ ᠪᠣᠯᠣᠨ᠎ᠠ᠃ ᠣᠶᠢᠷ᠎ᠠ ᠶᠢᠨ ᠵᠢᠯ ᠠᠴᠠ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢᠨ | ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠢᠯᠡᠳᠲᠡ ᠦᠷ᠎ᠡ ᠪᠦᠲᠦᠮᠵᠢ ᠣᠯᠪᠠ᠃ ᠳᠤᠮᠳᠠᠳᠤ ᠤᠯᠤᠰ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ | ᠬᠤᠪᠢ ᠳᠤ᠂ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠲᠦᠷᠦ ᠶᠢᠨ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ | ᠴᠢᠩᠭᠠᠳᠬᠠᠵᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠤᠷᠰᠢᠯᠭ᠎ᠠ ᠪᠠᠨ ᠬᠤᠪᠢᠶᠠᠯᠴᠠᠵᠤ᠂ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ ᠤᠯᠤᠰ ᠢ ᠬᠠᠪᠰᠤᠷᠤᠨ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠪᠠ ᠦᠷᠭᠦᠯᠵᠢᠯᠡᠬᠦ | ᠬᠥᠭᠵᠢᠯᠲᠡ ᠶᠢᠨ ᠵᠠᠮ ᠢ ᠰᠦᠪᠡᠭᠴᠢᠯᠡᠵᠦ᠂ ᠶᠠᠳᠠᠭᠤ ᠬᠦᠴᠢᠷᠳᠡᠯ ᠠᠴᠠ ᠵᠠᠶᠢᠳᠠᠭᠰᠠᠨ᠂ ᠬᠠᠮᠲᠤ ᠪᠠᠷ ᠴᠡᠴᠡᠭᠯᠡᠨ ᠬᠥᠭᠵᠢᠭᠰᠡᠨ | ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠭᠠᠷ ᠬᠤᠯᠪᠣᠯᠴᠠᠨ ᠪᠦᠲᠦᠭᠡᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠲᠤᠬᠠᠢ ᠶᠢᠨ ᠡᠳᠦᠷ ᠱᠠᠨᠰᠢ ᠶᠢᠨ ᠰᠢ ᠠᠨ ᠳᠤ ᠡᠬᠢᠯᠡᠪᠡ᠂ | ︽ᠦᠷᠭᠦᠯᠵᠢᠯᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠬᠠᠮᠲᠤᠷᠠᠯᠴᠠᠨ ᠬᠥᠭᠵᠢᠨ᠎ᠡ — ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠯᠤᠰ ᠤᠳ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ ᠪᠠ ᠦᠷᠭᠦᠯᠵᠢᠯᠡᠬᠦ ᠬᠥᠭᠵᠢᠯᠲᠡ ᠶᠢ ᠠᠬᠢᠭᠤᠯᠤᠶ᠎ᠠ︾ ᠭᠡᠬᠦ ᠭᠤᠣᠯ ᠰᠡᠳᠦᠪ ᠲᠠᠢ ᠪᠠᠶᠢᠵᠤ᠂ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠮᠲᠤᠷᠠᠯᠴᠠᠭ᠎ᠠ ᠶᠢᠨ ᠵᠥᠪᠯᠡᠯ | ᠪᠣᠯᠣᠨ ᠱᠠᠨᠰᠢ ᠮᠤᠵᠢ ᠶᠢᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠡᠷᠭᠢᠯᠡᠪᠡ᠃ |