5 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠶᠡᠷᠦᠩᠬᠡᠢ ᠱᠦᠵᠢ ᠰᠢ ᠶᠢᠨ ᠫᠢᠩ | ᠾᠧᠨᠠᠨ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ ᠨᠢ ᠵᠣᠷᠢᠭᠵᠢᠭᠤᠯᠤᠨ᠂ ᠬᠦᠴᠦᠨ ᠢ ᠨᠢ ᠨᠢᠭᠲᠠᠷᠠᠭᠤᠯᠵᠤ᠂ ᠥᠷᠭᠡᠨ ᠤᠯᠠᠨ | ᠺᠠᠳ᠋ᠷ ᠤᠯᠠᠨ ᠲᠦᠮᠡᠨ ᠤ ᠲᠡᠷᠢᠭᠦᠨ ᠢ ᠡᠷᠡᠯᠬᠡᠭᠯᠡᠨ ᠲᠡᠮᠡᠴᠡᠬᠦ᠂ ᠵᠠᠮ ᠨᠡᠭᠡᠭᠡᠨ ᠤᠷᠤᠭᠰᠢᠯᠠᠬᠤ ᠶᠢ ᠨᠢ ᠵᠣᠷᠢᠭᠵᠢᠭᠤᠯᠪᠠ᠃ | ᠴᠢᠨᠠᠷ ᠰᠠᠶᠢᠲᠠᠢ ᠬᠥᠭᠵᠢᠯᠲᠡ ᠶᠢᠨ ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ | ᠠᠷᠭᠠᠴᠠᠭᠠᠨ᠎ᠠ | ︽ᠪᠢᠳᠡ ᠣᠳᠣ ᠶᠠᠭ ᠳᠡᠯᠡᠬᠡᠢ ᠶᠢᠨ ᠳᠡᠰ ᠤᠨ ᠪᠠᠷᠠᠭᠠᠨ ᠤ ᠭᠦᠢᠯᠭᠡᠭᠡᠨ ᠤ ᠬᠦᠢᠰᠦ ᠶᠢ ᠰᠢᠮᠳᠠᠭᠤᠯᠤᠨ ᠪᠠᠶᠢᠭᠤᠯᠵᠤ᠂ | ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢ ᠦᠷᠭᠦᠯᠵᠢᠯᠡᠨ ᠠᠬᠢᠭᠤᠯᠵᠤ ᠪᠠᠶᠢᠨ᠎ᠠ︾᠃ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶ᠎ᠠ ᠶᠢ ᠬᠢᠨᠠᠮᠠᠭᠠᠢ ᠰᠣᠷᠣᠯᠴᠠᠭᠠᠳ᠂ ᠾᠧᠨᠠᠨ ᠤ ᠵᠧᠩᠵᠧᠦ ᠶᠢᠨ ᠠᠭᠠᠷ ᠠᠶᠠᠯᠠᠯ ᠤᠨ | ᠭᠠᠷᠠᠮ ᠤᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ | ᠡᠷᠬᠢᠯᠡᠭᠴᠢ ᠲᠢᠶᠠᠨ ᠬᠠᠢ ᠲᠤᠤ ᠶᠢᠨ ᠢᠲᠡᠭᠡᠯ ᠵᠣᠷᠢᠭ ᠤᠯᠠᠮ ᠨᠡᠮᠡᠭᠳᠡᠵᠦ᠂ ︽ᠴᠢᠨᠠᠷ ᠰᠠᠶᠢᠲᠠᠢ ᠬᠥᠭᠵᠢᠯᠲᠡ ᠶᠢᠨ | ᠲᠣᠭᠲᠠᠭᠠᠯᠲᠤ ᠴᠢᠨᠠᠷ ᠢᠶᠠᠷ ᠡᠯ᠎ᠡ ᠵᠦᠢᠯ ᠤᠨ ᠲᠣᠭᠲᠠᠭᠠᠯᠲᠤ ᠪᠤᠰᠤ ᠴᠢᠨᠠᠷ ᠢ ᠠᠷᠭᠠᠴᠠᠭᠠᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ | ᠵᠢᠱᠢᠯᠲᠡ ᠶᠢ ᠲᠣᠭᠲᠠᠪᠤᠷᠢᠵᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ︾ ᠭᠡᠪᠡ᠃ | ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠪᠠᠷ ᠴᠢᠩᠭᠠᠳᠬᠠᠨ᠎ᠠ | ︽ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠪᠠᠷ ᠬᠥᠭᠵᠢᠵᠦ ᠪᠠᠶᠢᠭ᠎ᠠ ᠬᠦᠷᠢᠶᠡᠨ ᠳᠠᠬᠢ ᠪᠣᠳᠠᠲᠤ ᠪᠠᠶᠢᠳᠠᠯ ᠲᠠᠢ ᠪᠠᠨ | ᠨᠢᠭᠲᠠ ᠤᠶᠠᠯᠳᠤᠭᠤᠯᠤᠨ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠢᠨ᠎ᠡ ᠶᠢ ᠡᠭᠦᠳᠬᠦ ᠠᠵᠢᠯᠯᠠᠭ᠎ᠠ᠂ | ᠦᠢᠯᠡᠴᠢᠯᠡᠭᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠳᠤ ᠬᠠᠨᠳᠤᠭᠤᠯᠤᠨ ᠬᠦᠴᠦᠯᠡᠵᠦ᠂ ᠰᠢᠨ᠎ᠡ ᠪᠠᠷ ᠬᠥᠭᠵᠢᠵᠦ ᠪᠠᠶᠢᠭ᠎ᠠ | ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︾᠃ | ᠰᠧᠴᠤᠸᠠᠨ ᠤ ᠮᠸᠢᠢᠱᠠᠨ ᠬᠤᠳᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠡᠳ᠋ ᠳᠠᠷᠤᠭ᠎ᠠ ᠴᠢᠦᠢ | ᠪᠥᠸᠧ ᠬᠡᠯᠡᠬᠦ ᠳᠤ ᠪᠠᠨ᠂ ᠳᠠᠷᠠᠭᠠᠴᠢ ᠶᠢᠨ ᠠᠯᠬᠤᠮ ᠳᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ | ᠬᠥᠭᠵᠢᠯᠲᠡ ᠶᠢ ᠬᠥᠲᠥᠯᠥᠨ ᠳᠠᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠪᠠᠷ ᠬᠥᠭᠵᠢᠵᠦ ᠪᠠᠶᠢᠭ᠎ᠠ | ᠬᠦᠷᠢᠶᠡᠨ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠪᠠᠳᠠᠷᠠᠭᠤᠯᠬᠤ ᠳᠤ ᠨᠢ ᠠᠷᠭ᠎ᠠ ᠵᠠᠮ ᠢ ᠨᠢ | ᠥᠷᠭᠡᠳᠬᠡᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠣᠨᠣᠯᠵᠢᠬᠤᠨ ᠢ | ᠦᠢᠯᠡᠳᠦᠯᠭᠡᠵᠢᠭᠦᠯᠵᠦ᠂ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠵᠠᠰᠠᠯᠲᠠ ᠳᠤ | ᠢᠳᠡᠪᠬᠢᠲᠡᠢ ᠣᠷᠣᠯᠴᠠᠭᠤᠯᠤᠨ᠎ᠠ ᠭᠡᠪᠡ᠃ | ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ | ︽ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠠᠨ | ᠪᠣᠯᠭᠠᠵᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠨᠡᠩ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ | ᠠᠰᠠᠭᠤᠳᠠᠯ ᠰᠢᠢᠳᠪᠦᠷᠢᠯᠡᠬᠦ ᠶᠢ ᠠᠬᠢᠭᠤᠯᠬᠤ ᠳᠤ ᠲᠠᠯᠪᠢᠵᠤ᠂ ᠰᠤᠷᠤᠯᠴᠠᠬᠤ ᠳᠤ ᠪᠠᠨ ᠤᠬᠠᠮᠵᠢ ᠰᠠᠶᠢᠲᠠᠢ᠂ | ᠪᠠᠶᠢᠴᠠᠭᠠᠬᠤ ᠳᠤ ᠪᠠᠨ ᠬᠦᠴᠦᠯᠡᠴᠡ ᠲᠠᠢ᠂ ᠥᠭᠡᠷᠡᠴᠢᠯᠡᠬᠦ ᠳᠤ ᠪᠠᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠨ᠎ᠠ︾᠃ | ᠴᠧᠩᠳᠦ᠋ ᠬᠤᠲᠠ ᠶᠢᠨ ᠨᠠᠮ ᠤᠨ ᠬᠤᠷᠢᠶᠠᠨ ᠤ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠢ ᠠᠩᠭᠢ ᠶᠢᠨ ᠶᠡᠷᠦᠩᠬᠡᠶᠢᠯᠡᠭᠰᠡᠨ | ᠳᠤᠭᠤᠶᠢᠯᠠᠩ ᠤᠨ ᠳᠠᠷᠤᠭ᠎ᠠ ᠭᠠᠨ ᠯᠢ ᠵᠢᠶᠦ᠋ᠨ ᠢᠩᠭᠢᠵᠦ ᠢᠯᠡᠷᠬᠡᠶᠢᠯᠡᠪᠡ᠃ | |